ᠣᠶᠢᠷ᠎ᠠ ᠶᠢᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠪᠠᠶᠢᠭᠤᠯᠤᠮᠵᠢ ᠠᠴᠠ ︽2024 ᠣᠨ ᠤ ᠳᠡᠭᠡᠷ᠎ᠡ | ᠬᠠᠭᠠᠰ ᠵᠢᠯ ᠤᠨ ᠬᠡᠷ ᠪᠠᠶᠢᠰᠢᠩ ᠤᠨ ᠠᠵᠤ ᠠᠬᠤᠶᠢᠯᠠᠯ ᠤᠨ ᠲᠤᠰᠢᠶᠠᠭᠰᠠᠨ ᠬᠡᠪᠴᠢᠶ᠎ᠡ ᠶᠢᠨ ᠵᠢᠭᠰᠠᠭᠠᠯᠲᠠ︾ ᠶᠢ | ᠨᠡᠶᠢᠳᠡᠯᠡᠵᠡᠢ᠂ 2023 ᠣᠨ ᠤ ᠲᠤᠰᠢᠶᠠᠭᠰᠠᠨ ᠲᠤᠭ᠎ᠠ ᠪᠠᠷᠢᠮᠲᠠ ᠲᠠᠢ ᠬᠠᠷᠢᠴᠠᠭᠤᠯᠪᠠᠯ᠂ ᠨᠡᠷᠡᠰ ᠤᠨ | ᠵᠢᠭᠰᠠᠭᠠᠯᠲᠠ ᠶᠢᠨ ᠡᠮᠦᠨᠡᠬᠢ ᠠᠷᠪᠠᠨ ᠨᠡᠷᠡᠰ ᠲᠤ ᠪᠠᠶᠢᠭ᠎ᠠ ᠬᠡᠷ ᠪᠠᠶᠢᠰᠢᠩ ᠤᠨ ᠠᠵᠤ ᠠᠬᠤᠶᠢᠯᠠᠯ ᠨᠡᠶᠢᠲᠡ 67.59 | ᠲᠦᠮᠡᠨ ᠢᠵᠢ ᠬᠡᠷ ᠪᠠᠶᠢᠰᠢᠩ ᠲᠤᠰᠢᠶᠠᠵᠤ᠂ ᠠᠳᠠᠯᠢ ᠬᠤᠭᠤᠴᠠᠭᠠᠨ ᠤ ᠬᠢ ᠠᠴᠠ 33% ᠪᠠᠷ ᠪᠠᠭᠤᠷᠠᠪᠠ᠃ | ᠡᠭᠦᠨ ᠳᠤ᠂ ᠵᠥᠩ ᠬᠠᠶ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠪᠠ ᠰᠢᠨ᠎ᠡ ᠬᠤᠲᠠ ᠬᠤᠪᠢᠴᠠᠭᠠᠳᠤ | ᠺᠤᠮᠫᠠᠨᠢ ᠶᠢᠨ ᠲᠤᠰᠢᠶᠠᠭᠰᠠᠨ ᠬᠡᠷ ᠪᠠᠶᠢᠰᠢᠩ ᠶᠢᠨ ᠲᠤᠭ᠎ᠠ ᠨᠢ 2023 ᠣᠨ ᠤ ᠠᠳᠠᠯᠢ ᠬᠤᠭᠤᠴᠠᠭᠠᠨ ᠤ ᠬᠢ ᠠᠴᠠ | ᠲᠣᠰ ᠪᠦᠷᠢ 7.36 ᠲᠦᠮᠡᠨ ᠢᠵᠢ ᠪᠠ 5.7 ᠲᠦᠮᠡᠨ ᠢᠵᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | ᠲᠣᠰ ᠪᠦᠷᠢ 140.5% ᠪᠠ 12.9% ᠪᠠᠷ ᠨᠡᠮᠡᠭᠳᠡᠪᠡ᠃ | ᠲᠤᠰ ᠨᠡᠷᠡᠰ ᠤᠨ ᠵᠢᠭᠰᠠᠭᠠᠯᠲᠠ ᠶᠢ ᠡᠯ᠎ᠡ ᠭᠡᠷ ᠪᠠᠶᠢᠰᠢᠩ ᠤᠨ ᠠᠵᠤ ᠠᠬᠤᠶᠢᠯᠠᠯ ᠠᠴᠠ ᠡᠨᠡ ᠪᠦᠬᠦᠯᠢ | ᠵᠢᠯ ᠤᠨ ᠲᠤᠰᠢᠶᠠᠬᠤ ᠬᠠᠷᠠᠯᠲᠠ ᠪᠠ ᠡᠮᠦᠨ᠎ᠡ ᠬᠠᠭᠠᠰ ᠵᠢᠯ ᠤᠨ ᠲᠤᠰᠢᠶᠠᠭᠰᠠᠨ ᠲᠤᠭ᠎ᠠ ᠪᠠᠷᠢᠮᠲᠠ ᠶᠢ ᠦᠨᠳᠦᠰᠦᠯᠡᠨ | ᠪᠤᠳᠤᠵᠤ ᠭᠠᠷᠭᠠᠭᠰᠠᠨ ᠪᠦᠭᠡᠳ ᠰᠠᠨᠠᠭᠠᠴᠢᠯᠠᠭ᠎ᠠ ᠠᠴᠠ ᠪᠠᠨ ᠨᠡᠶᠢᠲᠡᠯᠡᠭᠰᠡᠨ ᠶᠤᠮ᠃ ᠭᠡᠷ ᠪᠠᠶᠢᠰᠢᠩ ᠤᠨ ᠠᠵᠤ | ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠨᠡᠶᠢᠲᠡᠯᠡᠭᠰᠡᠨ ᠲᠤᠭ᠎ᠠ ᠪᠠᠷᠢᠮᠲᠠ ᠨᠢ ᠭᠡᠷ ᠪᠠᠶᠢᠰᠢᠩ ᠤᠨ ᠠᠵᠤ | ᠠᠬᠤᠶᠢᠯᠠᠯ ᠤᠨ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ ᠠᠵᠢᠯ ᠢ ᠥᠪᠡᠷ ᠤᠨ ᠭᠤᠤᠯ ᠡᠭᠦᠷᠭᠡ ᠪᠠᠨ | ᠪᠣᠯᠭᠠᠭᠰᠠᠨ ᠢ ᠬᠠᠷᠠᠭᠤᠯᠤᠭᠰᠠᠨ ᠶᠤᠮ᠃ ᠡᠭᠦᠠ ᠤ ᠬᠠᠮᠲᠤ᠂ ᠡᠯ᠎ᠠ ᠱᠠᠲᠣᠠ ᠤ ᠵᠠᠰᠠᠭ ᠤᠨ ᠣᠷᠲᠣᠠ ᠠᠴᠠ ᠬᠡᠷ | ᠪᠠᠶᠢᠰᠢᠩ ᠤᠨ ᠠᠵᠤ ᠠᠬᠤᠢᠢᠯᠠᠯ ᠤᠨ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ ᠭᠤᠤᠯ | ᠬᠠᠷᠢᠭᠤᠴᠠᠯᠭ᠎ᠠ ᠶᠢ ᠪᠤᠳᠠᠳᠠᠶᠢᠵᠢᠭᠤᠯᠵᠦ ᠪᠠᠶᠢᠭ᠎ᠠ ᠶᠢᠨ ᠢᠯᠠᠷᠠᠯ ᠮᠦᠠ᠃ ᠮᠦᠨᠴᠦ ᠲᠤᠰᠢᠶᠠᠬᠤ ᠡᠭᠦᠷᠭᠡ ᠪᠣᠯ | ᠲᠥᠷᠥᠯ ᠵᠦᠢᠯ ᠤᠨ ᠠᠵᠢᠯ ᠤᠨ ᠡᠬᠢᠯᠡᠬᠦ ᠲᠠᠭᠤᠰᠬᠠᠬᠤ ᠴᠠᠭ ᠲᠤ ᠲᠤᠭᠳᠠᠭᠠᠭᠰᠠᠨ ᠪᠤᠯᠵᠤᠭ᠎ᠠ ᠪᠤᠯᠤᠨ᠎ᠠ᠂ 2022 | ᠣᠨ ᠳᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠭ᠎ᠠ ᠨᠡᠯᠢᠶᠡᠳ ᠪᠠᠭ᠎ᠠ᠂ ᠮᠦᠨᠴᠦ ᠨᠢᠳᠤᠨᠤᠨ ᠤ ᠪᠠᠳᠤᠯᠠᠭᠠᠳᠤ | ᠲᠤᠰᠢᠶᠠᠬᠤ ᠭᠡᠷ ᠪᠠᠶᠢᠰᠢᠩ ᠤᠨ ᠠᠵᠢᠯ ᠢᠯᠡᠳᠲᠡ ᠦᠷ᠎ᠡ ᠪᠦᠲᠦᠮᠵᠢ ᠤᠯᠤᠭᠰᠠᠨ ᠠᠴᠠ ᠲᠤᠰ ᠵᠢᠯ ᠤᠨ ᠡᠮᠦᠨ᠎ᠡ | ᠬᠠᠭᠠᠰ ᠵᠢᠯ ᠳᠤ ᠲᠤᠰᠢᠶᠠᠭᠰᠠᠨ ᠡᠭᠦᠷᠭᠡ ᠠᠶᠠᠨᠳᠠᠭᠠᠨ ᠪᠠᠭ᠎ᠠ ᠪᠤᠯᠵᠠᠢ᠃ | ᠡᠭᠦᠨ ᠤ ᠬᠠᠮᠲᠤ᠂ ᠡᠨᠡ ᠬᠤᠶᠠᠷ ᠵᠢᠯ ᠳᠤ ᠲᠡᠷᠢᠭᠦᠨ ᠤ ᠭᠡᠷ ᠪᠠᠶᠢᠰᠢᠩ ᠤᠨ ᠠᠵᠤ ᠠᠬᠤᠶᠢᠯᠠᠯ ᠤᠨ | ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠡᠵᠡᠯᠡᠬᠦ ᠬᠠᠷᠢᠴᠠᠯ ᠨᠢ ᠶᠡᠭᠡ ᠬᠡᠮᠵᠢᠶ᠎ᠡ ᠪᠠᠷ ᠪᠠᠭᠠᠰᠴᠠᠶ᠃ | ᠵᠦᠩ ᡁᠢ ᠬᠦᠷᠢᠶᠡᠯᠡᠩ ᠤᠨ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ 2022 ᠤᠨ ᠪᠠ 2023 | ᠣᠨ ᠳᠤ ᠵᠠᠭᠤᠨ ᠬᠦᠴᠦᠷᠬᠡᠭ ᠬᠡᠷ ᠪᠠᠶᠢᠰᠢᠩ ᠤᠨ ᠠᠵᠤ ᠠᠬᠤᠶᠢᠯᠠᠯ ᠤᠨ ᠪᠣᠷᠣᠯᠠᠭᠤᠯᠭ᠎ᠠ ᠨᠢ ᠲᠣᠰ ᠪᠦᠷᠢ 39. | 3% ᠪᠠ 34.5% ᠪᠠᠶᠢᠵᠤ᠂ ᠲᠣᠰ ᠪᠦᠷᠢ 2021 ᠤᠨ ᠪᠠ 2022 ᠣᠨ ᠤ ᠬᠢ ᠠᠴᠠ 12.3% ᠪᠠ 4. | 8 % ᠪᠠᠷ ᠪᠠᠭᠤᠷᠠᠪᠠ᠃ ᠡᠶᠢᠮᠦ ᠠᠴᠠ᠂ ᠲᠦᠷᠦᠭᠦᠤ ᠬᠤᠶᠠᠷ ᠵᠢᠯ ᠳᠤ ᠬᠡᠷ ᠪᠠᠶᠢᠰᠢᠩ ᠤᠨ ᠠᠵᠤ ᠠᠬᠤᠶᠢᠯᠠᠯ ᠤᠨ | ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠪᠠᠭᠤᠷᠠᠭᠰᠠᠨ ᠤ ᠳᠠᠷᠠᠭ᠎ᠠ᠂ 2 ᠵᠢᠯ ᠣᠷᠴᠢᠮ ᠤᠨ ᠬᠡᠷ ᠪᠠᠶᠢᠰᠢᠩ | ᠲᠤᠰᠢᠶᠠᠬᠤ ᠦᠶᠡᠯᠡᠯ ᠤᠨ ᠬᠤᠭᠤᠴᠠᠭᠠᠨ ᠤ ᠬᠢ ᠠᠴᠠ ᠬᠠᠷᠢᠴᠠᠭᠤᠯᠤᠨ ᠦᠵᠡᠪᠡᠯ᠂ ᠡᠮᠦᠨ᠎ᠡ ᠬᠠᠭᠠᠰ ᠵᠢᠯ ᠳᠤ | ᠲᠤᠰᠢᠶᠠᠭᠰᠠᠨ ᠬᠡᠪᠴᠢᠶ᠎ᠡ ᠪᠠᠭᠠᠰᠬᠠᠬᠤ ᠨᠢ ᠬᠡᠪ ᠤᠨ ᠶᠠᠪᠤᠳᠠᠯ ᠮᠥᠨ᠂ ᠲᠤᠰᠢᠶᠠᠭᠰᠠᠨ ᠲᠤᠭ᠎ᠠ ᠪᠠᠷᠢᠮᠲᠠ ᠶᠢ | ᠳᠥᠭᠦᠮᠬᠡᠨ ᠢᠶᠠᠷ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠬᠤᠪᠢᠷᠠᠯᠠᠳᠠ ᠪᠠᠷ ᠲᠤᠰᠢᠶᠠᠭᠰᠠᠨ | ᠳᠠᠷᠤᠯᠲᠠ ᠶᠢ ᠮᠠᠭᠠᠳᠯᠠᠵᠤ ᠪᠣᠯᠬᠤ ᠥᠬᠡᠶ᠃ | 4 ᠳ᠋ᠤᠭᠡᠷ ᠰᠠᠷ᠎ᠠ ᠶᠢᠨ 30 ᠤ ᠡᠳᠦᠷ ᠬᠤᠷᠠᠯᠳᠤᠭᠰᠠᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠬᠤᠷᠠᠯ ᠠᠴᠠ ᠬᠤᠳᠠ ᠶᠢᠨ ᠪᠠᠶᠢᠳᠠᠯ ᠳᠤ ᠲᠤᠬᠢᠷᠠᠭᠤᠯᠭ᠎ᠠ ᠪᠠ ᠠᠷᠭ᠎ᠠ ᠪᠤᠳᠤᠯᠭ᠎ᠠ ᠬᠡᠷᠡᠭᠵᠢᠭᠦᠯᠬᠦ ᠶᠢ | ᠦᠷᠭᠦᠯᠵᠢᠯᠡᠨ ᠪᠠᠷᠢᠮᠲᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ᠂ ᠭᠡᠷ ᠪᠠᠶᠢᠰᠢᠩ ᠭᠠᠵᠠᠷ ᠬᠦᠷᠦᠩᠭᠡ ᠶᠢᠨ | ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ ᠠᠵᠢᠯ ᠢ ᠦᠨᠡᠨ ᠬᠦ ᠰᠠᠶᠢᠲᠤᠷ ᠬᠢᠵᠦ᠂ | ᠭᠡᠷ ᠪᠠᠶᠢᠰᠢᠩ ᠬᠤᠳᠠᠯᠳᠤᠨ ᠠᠪᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ | ᠬᠤᠯᠪᠣᠭᠳᠠᠯ ᠪᠦᠬᠦᠢ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ ᠶᠡᠭᠡ ᠲᠠᠯ᠎ᠠ ᠶᠢᠨ ᠭᠤᠷᠪᠠᠨ ᠵᠦᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠪᠠᠶᠢᠳᠠᠯ ᠳᠣᠣᠷ᠎ᠠ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ | ᠠᠵᠢᠯ ᠢ ᠲᠣᠭᠲᠠᠭᠰᠠᠨ ᠲᠥᠯᠥᠪᠯᠡᠭᠡ ᠪᠠᠷ ᠨᠠᠩ ᠬᠦᠴᠦᠲᠡᠶ ᠠᠬᠢᠭᠤᠯᠬᠤ ᠬᠡᠷᠡᠭᠳᠡᠢ᠃ 5 ᠳ᠋ᠤᠭᠠᠷ ᠰᠠᠷ᠎ᠠ ᠶᠢᠨ | 17 ᠤ ᠡᠳᠦᠷ᠂ ᠪᠥᠬᠦ ᠤᠯᠤᠰ ᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠦᠨᠡᠨ ᠬᠦ ᠰᠠᠶᠢᠲᠤᠷ | ᠬᠢᠬᠦ ᠲᠤᠬᠠᠢ ᠸᠢᠳᠢᠣ᠋ ᠬᠤᠷᠠᠯ ᠬᠤᠷᠠᠯᠳᠤᠭᠤᠯᠵᠤ᠂ ᠤᠯᠤᠰ ᠤᠨ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠡᠯ᠎ᠡ ᠭᠠᠵᠠᠷ ᠤᠨ ᠬᠠᠮᠢᠶ᠎ᠠ ᠪᠥᠬᠦᠶ ᠠᠵᠢᠯ ᠢᠶᠠᠨ ᠢᠳᠡᠪᠬᠢᠲᠡᠶ | ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠤᠭᠳᠠᠭᠰᠠᠨ ᠴᠠᠭ ᠲᠠᠭᠠᠨ ᠲᠤᠰᠢᠶᠠᠬᠤ ᠶᠢ | ᠪᠠᠲᠤᠯᠠᠵᠤ ᠬᠡᠷᠡᠭᠳᠡᠢ᠃ | ᠠᠩᠬᠠᠷᠤᠭᠤᠰᠢᠲᠠᠶ ᠨᠢ᠂ 5 ᠳ᠋ᠤᠭᠠᠷ ᠰᠠᠷ᠎ᠠ ᠶᠢᠨ 17 ᠤ ᠡᠳᠦᠷ ᠪᠥᠬᠦ ᠤᠯᠤᠰ ᠤᠨ ᠪᠠᠳᠤᠯᠠᠭᠠᠳᠤ | ᠲᠤᠰᠢᠶᠠᠬᠤ ᠭᠡᠷ ᠪᠠᠶᠢᠰᠢᠩ ᠤᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ ᠸᠢᠳᠢᠣ᠋ ᠬᠤᠷᠠᠯ ᠬᠤᠷᠠᠯᠳᠤᠭᠤᠯᠵᠦ᠂ ︽ | ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠥᠭᠡᠳ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ᠂ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠠᠴᠠ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠨᠡᠶᠢᠲᠡᠯᠡᠵᠦ᠂ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ ᠬᠠᠮᠵᠢᠯᠴᠠᠬᠤ ᠲᠣᠭᠲᠠᠴᠠ ᠶᠢ ᠤᠯᠠᠮ ᠨᠢᠭᠡ | ᠠᠯᠬᠤᠮ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠪᠣᠶ ᠪᠣᠯᠭᠠᠪᠠ᠃ | ᠵᠢᠱᠢᠶᠡᠯᠡᠪᠡᠯ᠂ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ | ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ︔ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠭᠠᠷᠭᠠᠵᠤ᠂ ᠦᠯᠡᠳᠡᠭᠳᠡᠯ ᠲᠠᠸᠠᠷ ᠤᠨ ᠣᠷᠣᠨ ᠰᠠᠭᠤᠴᠠ ᠶᠢ ᠪᠠᠲᠤᠯᠠᠭ᠎ᠠ | ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠪᠡ︔ ᠦᠯᠡᠳᠡᠭᠳᠡᠯ ᠭᠠᠵᠠᠷ ᠰᠢᠷᠣᠶ ᠶᠢ ᠲᠣᠬᠢᠲᠠᠶ ᠰᠢᠢᠳᠪᠦᠷᠢᠯᠡᠵᠦ | ᠠᠮᠢᠳᠤᠯᠢᠭ ᠪᠣᠯᠭᠠᠬᠤ ᠵᠡᠷᠭᠡ ᠪᠣᠯᠤᠨ᠎ᠠ᠃ | ᠡᠲᠡᠭᠡᠷ ᠰᠢᠨ᠎ᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠴᠥᠮ ︽ᠪᠠᠳᠤᠯᠠᠭᠠᠳᠤ ᠲᠤᠰᠢᠶᠠᠬᠤ ᠭᠡᠷ | ᠪᠠᠶᠢᠰᠢᠩ︾ ᠤᠨ ᠤᠯᠠᠨ ᠲᠠᠯ᠎ᠠ ᠠᠴᠠ ᠪᠡᠯᠡ ᠮᠦᠩᠭᠦ ᠶᠢᠨ ᠲᠡᠮᠵᠢᠯᠭᠡ ᠶᠢᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ | ᠲᠠᠯᠪᠢᠪᠠ᠂ ᠦᠯᠡᠳᠡᠭᠳᠡᠯ ᠬᠡᠷ ᠬᠥᠷᠥᠩᠭᠡ ᠶᠢ ᠠᠮᠢᠯᠠᠭᠤᠯᠬᠤ ᠪᠠ ᠨᠡᠮᠡᠭᠳᠡᠯ ᠤᠨ ᠣᠷᠣᠨ ᠰᠠᠭᠤᠴᠠ ᠶᠢ | ᠰᠢᠯᠢᠳᠡᠭᠵᠢᠭᠦᠯᠬᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠶ ᠵᠣᠬᠢᠰᠲᠠᠶ ᠪᠠᠯᠠ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠭᠠᠵᠠᠷ ᠰᠢᠷᠣᠶ ᠪᠤᠶᠤ ᠬᠡᠷ ᠪᠠᠶᠢᠰᠢᠩ ᠶᠢ | ᠰᠢᠢᠳᠪᠦᠷᠢᠯᠡᠬᠦ ᠵᠡᠷᠭᠡ ᠪᠠᠭᠲᠠᠨ᠎ᠠ᠃ ᠢᠯᠠᠩᠭᠤᠶ᠎ᠠ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ | ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠨᠢᠭᠡᠨᠲᠡ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ | ᠴᠢᠬᠤᠯᠠ ᠲᠤᠯᠭᠠᠭᠤᠷᠢᠯᠠᠯ ᠪᠣᠯᠵᠤ᠂ ᠲᠣᠭᠲᠠᠭᠠᠯ ᠳᠤ ᠨᠡᠶᠢᠴᠡᠬᠦ ᠲᠥᠷᠥᠯ ᠵᠦᠢᠯ ᠪᠣᠯᠭᠠᠨ ᠳᠤ ᠴᠥᠮ ᠪᠠᠩᠬᠢ ᠶᠢᠨ | ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠦᠨ᠎ᠡ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | 4000 ᠭᠠᠷᠤᠶ ᠲᠥᠷᠥᠯ ᠵᠦᠢᠯ ᠨᠢ ᠪᠠᠩᠬᠢ ᠶᠢᠨ 1.2 ᠲᠦᠮᠡᠨ ᠳ᠋ᠦᠩᠰᠢᠭᠤᠷ ᠲᠥᠭᠦᠷᠢᠭ ᠤᠨ ᠢᠲᠡᠭᠡᠮᠵᠢ ᠶᠢᠨ | ᠵᠢᠭᠡᠯᠡᠯᠭᠡ ᠣᠯᠪᠠ᠃ ︽ᠴᠠᠭᠠᠨ ᠨᠡᠷᠡᠰ︾ ᠨᠢ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠳᠤ ᠴᠢᠬᠤᠯᠠ | ᠶᠡᠭᠡ ᠦᠢᠯᠡᠳᠦᠯ ᠦᠵᠡᠭᠦᠯᠵᠦ ᠪᠠᠶᠢᠨ᠎ᠠ᠃ | ᠣᠳᠣᠬᠠᠨ ᠳᠤ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠳᠣᠣᠷ᠎ᠠ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠳᠣᠲᠣᠭᠠᠳᠤ ᠶᠢ | ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠬᠢᠨᠠᠨ ᠪᠤᠳᠤᠯᠳᠠ ᠵᠡᠷᠭᠡ ᠰᠠᠯᠠᠭ᠎ᠠ ᠮᠥᠴᠢᠷ ᠪᠣᠯᠤᠨ ᠰᠢᠭᠦᠬᠦ | ᠬᠤᠷᠢᠶ᠎ᠠ ᠠᠴᠠ ᠬᠠᠮᠵᠢᠯᠴᠠᠵᠤ᠂ ᠨᠢᠭᠡᠴᠢ ᠪᠦᠷᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠡᠶᠢᠯᠡᠮᠡᠯ | ᠬᠦᠴᠦᠨ ᠢ ᠪᠦᠷᠢᠯᠳᠦᠭᠦᠯᠦᠨ᠎ᠡ︔ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠳᠣᠣᠷ᠎ᠠ ᠡᠷᠬᠡᠪᠰᠢ ︽ᠨᠢᠭᠡ ᠲᠦᠷᠦᠯ ᠵᠦᠢᠯ ᠳᠤ ᠨᠢᠭᠡ ᠠᠷᠭ᠎ᠠ ᠪᠤᠳᠤᠯᠭ᠎ᠠ︾ ᠶᠢᠨ | ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠡᠳ᠋ ᠬᠦᠷᠦᠩᠭᠡ ᠶᠢ ᠢᠳᠡᠪᠬᠢᠲᠡᠢ ᠰᠢᠢᠳᠪᠦᠷᠢᠯᠡᠵᠦ᠂ ᠤᠯᠠᠨ | ᠲᠠᠯ᠎ᠠ ᠠᠴᠠ ᠪᠡᠯᠡ ᠮᠥᠩᠭᠦ ᠴᠤᠭᠯᠠᠭᠤᠯᠤᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳᠡᠭᠦᠷᠭᠡ | ᠲᠤᠰᠢᠶᠠᠯ ᠢᠶᠠᠨ ᠭᠦᠢᠴᠡᠳᠬᠡᠬᠦ ᠳᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠢ ᠨᠠᠶᠢᠳᠠᠪᠤᠷᠢᠵᠢᠭᠤᠯᠵᠤ᠂ | ᠨᠥᠬᠦᠴᠡᠯ ᠳᠤ ᠨᠡᠶᠢᠴᠡᠭᠰᠡᠨ ᠲᠦᠷᠦᠯ ᠵᠦᠢᠯ ᠳᠤ ︽ᠪᠦᠭᠦᠳᠡ ᠳᠤ ᠵᠢᠭᠡᠯᠡᠯᠭᠡ ᠦᠭᠬᠦ ︾ ᠶᠢ ᠪᠡᠶᠡᠯᠡᠭᠦᠯᠵᠦ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠡᠷ ᠪᠠᠶᠢᠰᠢᠩ ᠲᠤᠰᠢᠶᠠᠬᠤ ᠠᠵᠢᠯ ᠢ ᠳᠡᠮᠵᠢᠬᠦ ᠬᠡᠷᠡᠭᠲᠡᠢ᠃ | ᠬᠠᠷᠢᠭᠤᠴᠠᠯᠭ᠎ᠠ ᠪᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠠᠮᠤᠭ ᠤᠨ ᠡᠴᠦᠰ ᠲᠡᠭᠡᠨ ᠲᠥᠷᠥᠯ ᠵᠦᠢᠯ ᠢ | ᠴᠠᠭ ᠲᠤᠬᠠᠶ ᠳᠤᠨᠢ ᠴᠢᠨᠠᠷ ᠢ ᠪᠠᠲᠤᠯᠠᠨ ᠲᠤᠰᠢᠶᠠᠵᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠳᠡᠢ᠃ | ︵ᠵᠣᠬᠢᠶᠠᠭᠴᠢ ᠪᠤᠯ ᠭᠤᠸᠠᠩᠳᠦ᠋ᠩ ᠮᠤᠵᠢ ᠶᠢᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢᠨ | ᠰᠤᠳᠤᠯᠭᠠᠨ ᠤ ᠲᠥᠪ ᠤᠨ ᠲᠡᠷᠢᠭᠦᠨ ᠰᠤᠳᠤᠯᠤᠭᠴᠢ︶ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |