ᠰᠠᠭᠤᠭᠠᠯᠢ ᠠᠷᠠᠳ ᠤᠨ ᠭᠡᠷ ᠪᠠᠶᠢᠰᠢᠩ ᠤᠨ ᠵᠠᠰᠠᠯ ᠴᠢᠮᠡᠭᠯᠡᠯ ᠳᠤ ᠳᠣᠲᠣᠨᠣ ᠵᠢᠯᠣᠭᠤᠳᠤᠯᠭ᠎ᠠ ᠬᠠᠩᠭᠠᠪᠠᠯ ᠵᠤᠬᠢᠨ᠎ᠠ
ᠨᠡᠶᠢᠲᠡᠯᠡᠭᠰᠡᠨ ᠴᠠᠭ᠄
2024/7/17
      ᠰᠢᠨ᠎ᠡ ᠭᠡᠷ ᠢ ᠵᠠᠰᠠᠵᠤ ᠴᠢᠮᠡᠭᠯᠡᠬᠦ ᠠᠴᠠ ᠡᠮᠦᠨ᠎ᠡ ᠵᠠᠰᠠᠨ ᠴᠢᠮᠡᠭᠯᠡᠬᠦ ᠳᠠᠩᠰᠠᠯᠠᠭᠤᠯᠬᠤ ᠭᠠᠷ ᠭᠦᠢᠴᠡᠳᠬᠡᠯ ᠢ ᠬᠡᠷᠬᠢᠨ ᠬᠢᠬᠦ ᠪᠤᠢ︖ ᠵᠠᠰᠠᠯ ᠴᠢᠮᠡᠭᠯᠡᠯ ᠤᠨ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠳᠤ ᠶᠠᠮᠠᠷ ᠶᠠᠮᠠᠷ ᠮᠠᠲ᠋ᠧᠷᠢᠶᠠᠯ ᠬᠠᠩᠭᠠᠬᠤ ᠴᠢᠬᠤᠯᠠᠲᠠᠢ ᠪᠤᠢ︖ ᠭᠡᠷ ᠪᠠᠶᠢᠰᠢᠩ ᠢ ᠵᠠᠰᠠᠵᠤ ᠴᠢᠮᠡᠭᠯᠡᠬᠦ ᠳᠤ᠂ ᠬᠦᠨᠳᠦ ᠪᠦᠳᠦᠴᠡ ᠶᠢ ᠵᠠᠳᠠᠯᠵᠤ ᠦᠭᠡᠷᠡᠴᠢᠯᠡᠵᠦ ᠪᠤᠯᠬᠤ ᠦᠭᠡᠢ ᠠᠴᠠ ᠭᠠᠳᠠᠨ᠎ᠠ᠂ ᠪᠠᠰᠠ ᠶᠠᠮᠠᠷ ᠵᠦᠢᠯ ᠤᠨ ᠴᠠᠭᠠᠵᠠᠯᠠᠬᠤ ᠠᠵᠢᠯᠯᠠᠭ᠎ᠠ ᠪᠠᠶᠢᠬᠤ ᠪᠤᠢ︖ ᠲᠣᠭᠲᠠᠭᠠᠯ ᠠᠴᠠ ᠵᠥᠷᠢᠴᠡᠨ ᠵᠠᠰᠠᠵᠤ ᠴᠢᠮᠡᠭᠰᠡᠨ ᠢ ᠣᠯᠵᠤ ᠮᠡᠳᠡᠪᠡᠯ ᠶᠠᠮᠠᠷ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠬᠤ ᠪᠣᠶ︖ ᠭᠡᠷ ᠪᠠᠶᠢᠰᠢᠩ ᠤᠨ ᠪᠦᠲᠦᠴᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠶᠠᠮᠠᠷ ᠪᠠᠶᠢᠭᠤᠯᠤᠮᠵᠢ ᠶᠢ ᠡᠷᠢᠵᠤ ᠬᠢᠨᠠᠨ ᠪᠠᠶᠢᠴᠠᠯᠭᠠᠵᠤ ᠪᠠᠬᠢᠵᠢᠭᠦᠯᠬᠦ ᠪᠤᠢ︖ ᠁ ᠡᠳᠡᠭᠡᠷ ᠵᠠᠰᠠᠯ ᠴᠢᠮᠡᠭᠯᠡᠯ ᠤᠨ ᠠᠰᠠᠭᠤᠳᠠᠯ ᠤᠨ ᠲᠤᠬᠠᠶ ᠬᠠᠷᠢᠭᠤᠯᠲᠠ ᠶᠢ ᠵᠧᠵᠢᠶᠠᠩ ᠮᠤᠵᠢ ᠶᠢᠨ ᠨᠢᠩ ᠪᠥᠸᠧ ᠬᠤᠲᠠ ᠶᠢᠨ ᠬᠠᠶ ᠱᠦ ᠲᠣᠭᠤᠷᠢᠭ ᠤᠨ ᠭᠤᠤ ᠴᠢᠶᠣᠤ ᠪᠠᠯᠭᠠᠰᠤᠨ ᠤ ᠯᠦ ᠶᠤᠸᠠᠨ ᠲᠣᠭᠤᠷᠢᠭ ᠤᠨ ᠰᠠᠭᠤᠭᠠᠯᠢ ᠠᠷᠠᠳ ︽ᠬᠠᠶ ᠱᠦ ᠲᠣᠭᠤᠷᠢᠭ ᠤᠨ ᠬᠡᠷ ᠪᠠᠶᠢᠰᠢᠩ ᠢ ᠵᠠᠰᠠᠨ ᠴᠢᠮᠡᠭᠯᠡᠬᠦ ᠬᠠᠮᠢᠶᠠᠷᠤᠯᠲᠠ ᠶᠢᠨ ᠵᠦᠭᠯᠡᠭᠦᠷ︾ ᠡᠴᠠ‌ᠡᠷᠢᠵᠦ ᠤᠯᠵᠦ ᠪᠣᠯᠤᠨ᠎ᠠ᠃      ᠵᠣᠬᠢᠶᠠᠭᠴᠢ ᠶᠢᠨ ᠦᠵᠡᠬᠦ ᠪᠠᠷ᠂ ᠣᠳᠣᠬᠠᠨ ᠳᠤ ᠬᠡᠷ ᠪᠠᠶᠢᠰᠢᠩ ᠤᠨ ᠵᠠᠰᠠᠯ ᠴᠢᠮᠡᠭᠯᠡᠯ ᠨᠢ ᠵᠥᠪᠬᠡᠨ ᠲᠦᠭᠦᠮᠬᠡᠨ ᠢᠶᠠᠷ ᠣᠷᠣᠨ ᠵᠠᠶ ᠶᠢ ᠥᠭᠡᠷᠡᠴᠢᠯᠡᠬᠦ ᠪᠤᠶᠤ ᠬᠡᠪ ᠨᠠᠮᠪᠠ ᠶᠢ ᠱᠤᠭᠤᠬᠤ ᠶᠠᠪᠤᠳᠠᠯ ᠪᠢᠰᠢ᠂ ᠬᠠᠷᠢᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠵᠢᠴᠢ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠨᠠᠩ ᠣᠯᠠᠨ ᠢᠯᠡᠷᠡᠭᠦᠯᠦᠭᠰᠡᠨ ᠪᠠᠶᠢᠬᠤ ᠬᠡᠷᠡᠭᠳᠡᠢ᠃ ᠡᠶᠢᠮᠦ ᠠᠴᠠ᠂ ᠨᠢᠭᠡᠨ ᠬᠤᠪᠢ ᠦᠨ᠎ᠡ ᠥᠷᠲᠡᠭ ᠲᠠᠢ ᠭᠡᠷ ᠪᠠᠶᠢᠰᠢᠩ ᠤᠨ ᠵᠠᠰᠠᠵᠤ ᠴᠢᠮᠡᠭᠯᠡᠬᠦ ᠵᠦᠭᠯᠡᠭᠦᠷ ᠨᠢ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠲᠠᠢ ᠨᠡᠶᠢᠴᠡᠭᠦᠯᠬᠦ ᠶᠢ ᠴᠢᠬᠤᠯᠠᠴᠢᠯᠠᠬᠤ ᠶᠢᠨ ᠬᠠᠮᠳᠤ ᠪᠦᠬᠦ ᠲᠠᠯ᠎ᠠ ᠂ ᠪᠣᠳᠠᠲᠤ ᠬᠡᠷᠡᠭᠴᠡᠭᠡ ᠵᠡᠷᠭᠡ ᠳᠤ ᠳᠣᠲᠣᠨᠣ ᠵᠢᠯᠣᠭᠤᠳᠣᠯᠭ᠎ᠠ ᠬᠠᠩᠭᠠᠬᠤ ᠬᠡᠷᠡᠭᠲᠡᠶ᠃      ᠡᠩ ᠲᠡᠷᠢᠭᠦᠨ ᠳᠤ᠂ ᠰᠠᠭᠤᠭᠠᠯᠢ ᠠᠷᠠᠳ ᠤᠨ ᠬᠠᠤᠯᠢ ᠲᠣᠭᠲᠠᠭᠠᠯ ᠳᠤ ᠨᠡᠶᠢᠴᠡᠭᠦᠯᠦᠨ ᠵᠠᠰᠠᠵᠤ ᠴᠢᠮᠡᠭᠯᠡᠬᠦ ᠶᠢ ᠬᠥᠲᠥᠯᠥᠨ ᠵᠢᠯᠣᠭᠤᠳᠤᠨ᠎ᠠ᠃ ᠬᠠᠤᠯᠢ ᠪᠤᠰᠤ ᠪᠠᠷ ᠵᠠᠰᠠᠨ ᠴᠢᠮᠡᠭᠯᠡᠬᠦ ᠨᠢ ᠬᠡᠷ ᠪᠠᠶᠢᠰᠢᠩ ᠤᠨ ᠪᠦᠲᠦᠴᠡ ᠶᠢ ᠡᠪᠳᠡᠬᠦ᠂ ᠣᠷᠣᠨ ᠰᠠᠭᠤᠴᠠ ᠶᠢᠨ ᠠᠮᠤᠷ ᠲᠦᠪᠰᠢᠨ ᠢ ᠨᠥᠯᠥᠭᠡᠯᠡᠬᠦ ᠪᠠᠷ ᠪᠠᠷᠠᠬᠤ ᠥᠬᠡᠶ᠂ ᠪᠠᠰᠠ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠪᠣᠶ ᠪᠣᠯᠭᠠᠵᠤ᠂ ᠴᠢᠨᠠᠭᠰᠢᠯᠠᠪᠠᠯ ᠬᠠᠤᠯᠢ ᠴᠠᠭᠠᠵᠠ ᠶᠢᠨ ᠵᠠᠯᠬᠠᠭᠠᠯ ᠢ ᠤᠯᠵᠦ ᠮᠡᠳᠡᠨ᠎ᠡ᠃ ᠡᠶᠢᠮᠦ ᠠᠴᠠ᠂ ᠵᠠᠰᠠᠵᠤ ᠴᠢᠮᠡᠭᠯᠡᠬᠦ ᠵᠦᠭᠯᠡᠭᠦᠷ ᠨᠢ ᠭᠡᠷ ᠪᠠᠶᠢᠰᠢᠩ ᠵᠠᠰᠠᠵᠤ ᠴᠢᠮᠡᠭᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠪᠠᠭᠲᠠᠭᠠᠵᠤ᠂ ᠰᠠᠭᠤᠭᠠᠯᠢ ᠠᠷᠠᠳ ᠢ ᠬᠠᠪᠰᠤᠷᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠣᠶᠢᠯᠠᠭᠠᠭᠤᠯᠵᠤ᠂ ᠲᠣᠭᠲᠠᠭᠠᠯ ᠠᠴᠠ ᠵᠥᠷᠢᠴᠡᠨ ᠵᠠᠰᠠᠨ ᠴᠢᠮᠡᠭᠯᠡᠭᠰᠡᠨ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠪᠠᠭᠠᠰᠬᠠᠨ᠎ᠠ᠃      ᠳᠠᠷᠠᠭᠠᠯᠠᠪᠠᠯ᠂ ᠴᠢᠳᠠᠪᠬᠢᠲᠤ ᠴᠢᠨᠠᠷ ᠪᠠ ᠭᠤᠸ᠎ᠠ ᠰᠠᠶᠢᠬᠠᠨ ᠤ ᠰᠢᠨᠵᠢ ᠪᠦᠬᠦᠢ ᠡᠶ᠎ᠡ ᠵᠣᠬᠢᠴᠠᠩᠭᠤᠢ ᠨᠢᠭᠡᠳᠦᠯ ᠢ ᠬᠠᠩᠭᠠᠨ᠎ᠠ᠃ ᠴᠢᠳᠠᠮᠵᠢ ᠶᠢᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠲᠦᠯᠦᠪᠵᠢᠭᠦᠯᠦᠨ᠎ᠡ᠂ ᠵᠢᠱᠢᠶᠡᠯᠡᠪᠡᠯ ᠲᠣᠭᠤᠭᠠᠨ ᠬᠡᠷ ᠤᠨ ᠵᠢᠷᠤᠭ ᠲᠥᠯᠥᠪᠯᠡᠭᠡ᠂ ᠤᠨᠳᠠᠯᠭ᠎ᠠ ᠶᠢᠨ ᠥᠷᠥᠭᠡ ᠶᠢᠨ ᠬᠤᠪᠢ ᠶᠢᠨ ᠨᠢᠭᠤᠴᠠ ᠶᠢᠨ ᠪᠠᠲᠤᠯᠠᠭ᠎ᠠ᠂ ᠵᠣᠴᠢᠨ ᠤ ᠲᠢᠩᠬᠢᠮ ᠤᠨ ᠵᠤᠭ᠎ᠠ ᠴᠡᠩᠭᠡᠯ ᠰᠡᠯᠡᠭᠦᠴᠡᠯ ᠤᠨ ᠴᠢᠳᠠᠮᠵᠢ ᠵᠡᠷᠭᠡ ᠨᠢ ᠴᠥᠮ ᠣᠷᠣᠰᠢᠨ ᠰᠠᠭᠤᠬᠤ ᠳᠤ ᠲᠠᠭᠠᠯᠠᠮᠵᠢᠲᠠᠶ ᠪᠠᠶᠢᠬᠤ ᠴᠢᠬᠤᠯᠠ ᠬᠦᠴᠦᠨ ᠵᠦᠢᠯ ᠪᠣᠯᠤᠨ᠎ᠠ︔ ᠭᠤᠶᠤ ᠰᠠᠶᠢᠬᠠᠨ ᠴᠢᠨᠠᠷ ᠢ ᠴᠤ ᠣᠮᠲᠣᠭᠠᠶᠢᠯᠠᠵᠤ ᠪᠣᠯᠬᠤ ᠥᠬᠡᠶ᠂ ᠥᠩᠭᠡ ᠪᠤᠳᠤᠭ ᠲᠣᠬᠢᠷᠠᠭᠤᠯᠬᠤ᠂ ᠮᠠᠲ᠋ᠧᠷᠢᠶᠠᠯ ᠰᠣᠩᠭᠤᠬᠤ᠂ ᠳ᠋ᠧᠩ ᠤᠨ ᠬᠡᠷᠡᠯ ᠤᠨ ᠵᠢᠷᠤᠭ ᠲᠥᠯᠥᠪᠯᠡᠭᠡ ᠵᠡᠷᠭᠡ ᠨᠢ ᠴᠥᠮ ᠣᠷᠣᠰᠢᠨ ᠰᠠᠭᠤᠬᠤ ᠣᠷᠣᠨ ᠵᠠᠶ ᠳᠤ ᠬᠡᠪ ᠪᠠᠷᠢᠮᠵᠢᠶ᠎ᠠ ᠨᠡᠮᠡᠵᠦ ᠴᠢᠳᠠᠬᠤ ᠶᠤᠮ᠃ ᠰᠠᠭᠤᠭᠠᠯᠢ ᠠᠷᠠᠳ ᠵᠠᠰᠠᠵᠤ ᠴᠢᠮᠡᠭᠯᠡᠬᠦ ᠵᠦᠭᠯᠡᠭᠦᠷ ᠢ ᠦᠨᠳᠦᠰᠦᠯᠡᠨ ᠥᠪᠡᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠵᠢᠷᠤᠭ ᠲᠥᠯᠥᠪᠯᠡᠭᠡ ᠶᠢᠨ ᠲᠥᠰᠦᠯ ᠢ ᠰᠣᠩᠭᠤᠵᠤ᠂ ᠵᠠᠰᠠᠨ ᠴᠢᠮᠡᠭᠯᠡᠭᠰᠡᠨ ᠦᠷ᠎ᠡ ᠪᠦᠲᠦᠭᠡᠯ ᠤᠨ ᠪᠣᠳᠠᠲᠤ ᠬᠡᠷᠡᠭᠯᠡᠭᠡᠨ ᠤ ᠭᠤᠸ᠎ᠠ ᠰᠠᠶᠢᠬᠠᠨ ᠢ ᠦᠨᠡᠨᠬᠦ ᠪᠠᠲᠤᠯᠠᠵᠤ ᠪᠣᠯᠤᠨ᠎ᠠ᠃      ᠬᠠᠮᠤᠭ ᠤᠨ ᠰᠡᠭᠦᠯ ᠳᠤ᠂ ᠬᠢᠵᠠᠭᠠᠷᠲᠤ ᠲᠥᠰᠦᠪ ᠤᠨ ᠳᠣᠲᠣᠷ᠎ᠠ ᠬᠠᠮᠤᠭ ᠤᠨ ᠬᠠᠨᠤᠮᠵᠢᠳᠠᠢ ᠵᠠᠰᠠᠵᠤ ᠴᠢᠮᠡᠭᠯᠡᠬᠦ ᠦᠷ᠎ᠡ ᠪᠦᠲᠦᠮᠵᠢ ᠶᠢ ᠪᠡᠶᠡᠯᠡᠭᠦᠯᠦᠨ᠎ᠡ᠃ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠵᠠᠰᠠᠵᠤ ᠴᠢᠮᠡᠭᠯᠡᠬᠦ ᠵᠦᠭᠯᠡᠭᠦᠷ ᠲᠤ ᠵᠠᠰᠠᠵᠤ ᠴᠢᠮᠡᠭᠯᠡᠬᠦ ᠲᠥᠷᠥᠯ ᠵᠦᠢᠯ ᠢ ᠵᠦᠶ ᠵᠣᠬᠢᠰᠲᠠᠶ ᠲᠦᠯᠦᠪᠵᠢᠭᠦᠯᠵᠦ᠂ ᠠᠳᠠᠯᠢ ᠪᠤᠰᠤ ᠵᠠᠰᠠᠨ ᠴᠢᠮᠡᠭᠯᠡᠬᠦ ᠮᠠᠲ᠋ᠧᠷᠢᠶᠠᠯ ᠤᠨ ᠴᠢᠨᠠᠷ ᠴᠢᠨᠰᠠᠭ᠎ᠠ ᠪᠠ ᠦᠨ᠎ᠡ ᠬᠠᠩᠰᠢ ᠶᠢᠨ ᠬᠠᠷᠢᠴᠠᠯ ᠵᠡᠷᠭᠡ ᠶᠢ ᠠᠳᠠᠯᠢᠳᠬᠠᠬᠤ ᠶᠢ ᠪᠠᠭᠳᠠᠭᠠᠵᠤ᠂ ᠰᠢᠨᠵᠢᠯᠡᠬᠦ ᠤᠬᠠᠭᠠᠨᠴᠢ ᠲᠥᠰᠦᠪ ᠤᠨ ᠬᠠᠮᠢᠶᠠᠷᠤᠯᠲᠠ ᠪᠠ ᠥᠪᠡᠷ ᠤᠨ ᠥᠷᠲᠡᠭ ᠤᠨ ᠬᠢᠵᠠᠭᠠᠷᠯᠠᠯ ᠢᠶᠠᠷ ᠳᠠᠮᠵᠢᠭᠤᠯᠤᠨ᠂ ᠰᠠᠭᠤᠭᠠᠯᠢ ᠠᠷᠠᠳ ᠢ ᠬᠠᠪᠰᠤᠷᠤᠨ ᠴᠢᠬᠤᠯᠠ ᠪᠤᠰᠤ ᠵᠠᠰᠠᠵᠤ ᠴᠢᠮᠡᠭᠯᠡᠬᠦ ᠵᠠᠷᠤᠯᠭ᠎ᠠ ᠪᠠᠭᠠᠰᠬᠠᠨ᠎ᠠ᠃      ᠶᠡᠷᠦᠩᠬᠡᠶ ᠳᠤᠨᠢ ᠠᠪᠴᠤ ᠬᠡᠯᠡᠪᠡᠯ᠂ ᠬᠡᠷ ᠪᠠᠶᠢᠰᠢᠩ ᠤᠨ ᠵᠠᠰᠠᠵᠤ ᠴᠢᠮᠡᠭᠯᠡᠬᠦ ᠵᠦᠭᠯᠡᠭᠦᠷ ᠨᠢ ᠰᠠᠭᠤᠭᠠᠯᠢ ᠠᠷᠠᠳ ᠤᠨ ᠬᠡᠷᠡᠭᠴᠡᠭᠡ ᠶᠢ ᠨᠠᠩ ᠢᠯᠡᠭᠦᠤ ᠪᠣᠳᠣᠯᠬᠢᠯᠠᠵᠤ᠂  ᠡᠶᠡᠪᠡᠷᠭᠦᠦ ᠲᠠᠭᠠᠯᠠᠮᠵᠢᠲᠠᠶ ᠣᠷᠣᠨ ᠵᠠᠶ ᠶᠢ ᠪᠣᠶ ᠪᠣᠯᠭᠠᠬᠤ ᠳᠤ ᠬᠦᠴᠦᠨ ᠨᠡᠮᠡᠷᠢᠯᠡᠪᠡᠯ ᠵᠤᠬᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1