ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠲᠤᠭᠳᠠᠬᠤᠨ ᠢᠶᠠᠷ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠬᠤᠨ ᠢ ᠲᠠᠰᠤᠷᠠᠯᠳᠠ ᠦᠭᠡᠢ ᠲᠡᠭᠡᠭᠰᠢᠯᠡᠭᠦᠯᠪᠡ —  ᠴᠢᠬᠤᠯᠠ ᠶᠡᠭᠡ ᠢᠨᠵᠧᠨᠧᠷᠢᠩ ᠤᠨ ︽ᠪᠤᠬᠢᠷᠳᠦᠯ ᠦᠭᠡᠢ︾ ᠠᠴᠠ ︽ᠰᠢᠨ᠎ᠡ ᠶᠢ ᠡᠭᠦᠳᠬᠦ︾ ᠲᠡᠰᠢ ᠬᠦᠭᠵᠢᠭᠦᠯᠦᠶ᠎ᠡ
ᠨᠡᠶᠢᠲᠡᠯᠡᠭᠰᠡᠨ ᠴᠠᠭ᠄
2024/7/2
      ᠠᠽᠢᠶ᠎ᠠ ᠲᠢᠪ ᠤᠨ ᠠᠩᠬᠠᠳᠠᠭᠴᠢ ︽ᠲᠡᠯᠡᠢ ᠲᠡᠭᠡᠷᠡᠬᠢ ᠴᠢᠯᠠᠭᠤᠨ ᠲᠤᠰᠤ ᠬᠡᠢ ᠪᠤᠯᠪᠠᠰᠤᠷᠠᠭᠤᠯᠬᠤ ᠦᠢᠯᠡᠳᠪᠤᠷᠢ︾ — ︽ᠬᠠᠢ ᠺᠦᠢ ᠨᠢᠭᠡᠳᠦᠭᠡᠷ︾ ᠬᠦᠨ ᠲᠠᠯᠠᠢ ᠳᠤ  ᠠᠵᠢᠯᠠᠭᠠᠨ ᠢᠶᠠᠨ ᠡᠬᠢᠯᠡᠭᠦᠯᠪᠡ︔ ᠪᠦᠬᠦ ᠪᠦᠮᠪᠦᠷᠴᠡᠭ ᠤᠨ ᠠᠩᠬᠠᠳᠠᠭᠴᠢ 400G ᠪᠦᠷᠢᠨ ᠭᠡᠷᠡᠯ ᠤᠨ ᠮᠤᠵᠢ ᠶᠢᠨ ᠬᠤᠭᠤᠷᠤᠨᠳᠤᠬᠢ ᠭᠤᠤᠯ ᠰᠦᠯᠵᠢᠶᠠᠨ ᠤ ᠬᠡᠯᠬᠢᠶ᠎ᠡ ᠵᠢᠩᠬᠢᠨᠢ ᠪᠠᠷ ᠬᠤᠳᠠᠯᠳᠤᠭᠠᠨ ᠳᠤ ᠬᠡᠷᠡᠭᠯᠡᠭᠳᠡᠪᠡ︔ ᠪᠦᠬᠦ ᠪᠦᠮᠪᠦᠷᠴᠡᠭ ᠤᠨ ᠬᠠᠮᠤᠭ ᠤᠨ ᠶᠡᠭᠡ ᠳ᠋ᠢᠶᠠᠮᠧᠲᠷ  ᠲᠠᠢ ᠬᠤᠳᠳᠤᠭ ᠮᠠᠯᠳᠠᠬᠤ ᠮᠠᠰᠢᠨ ᠤ ︽ᠬᠦᠰᠡᠯᠡᠩᠳᠦ ᠨᠡᠷᠡᠮᠵᠢᠳᠦ︾ ᠬᠤᠳᠠ ᠶᠢᠨ ᠠᠵᠢᠯᠠᠭᠠᠨ ᠢᠶᠠᠨ ᠡᠬᠢᠯᠡᠭᠦᠯᠪᠡ ᠁ ᠡᠨᠡ ᠵᠢᠯ ᠠᠴᠠ ᠨᠠᠰᠢ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠯᠠᠪᠳᠠᠭᠤᠨ ᠪᠠᠲᠤᠲᠠᠢ ᠠᠬᠢᠵᠤ᠂ ᠨᠡᠮᠡᠭᠳᠡᠯ ᠢ ᠲᠤᠭᠳᠠᠪᠦᠷᠢᠵᠢᠭᠤᠯᠬᠤ ᠶᠢᠨ ᠬᠠᠮᠳᠦ ᠰᠢᠨᠵᠢᠯᠡᠬᠦ ᠤᠬᠠᠭᠠᠨ ᠮᠡᠷᠭᠡᠵᠢᠯ ᠤᠨ ᠪᠤᠳᠠᠳᠤ ᠬᠦᠴᠦᠨ ᠢᠶᠠᠨ ᠢᠯᠡᠷᠡᠭᠦᠯᠦᠭᠰᠡᠨ ᠪᠠᠶᠢᠨ᠎ᠠ᠃     ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠨᠢ ᠨᠢᠭᠡᠨᠲᠡ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ︽ᠲᠤᠷᠰᠢᠯᠲᠠ ᠶᠢᠨ ᠲᠠᠯᠠᠪᠠᠢ︾ ᠪᠣᠯᠵᠤ᠂ ︽ᠪᠤᠬᠢᠷᠳᠦᠯ ᠦᠭᠡᠢ︾ ᠠᠴᠠ ︽ᠰᠢᠨ᠎ᠡ ᠶᠢ ᠡᠭᠦᠳᠬᠦ︾ ᠲᠡᠰᠢ ᠲᠠᠰᠤᠷᠠᠯᠲᠠ ᠦᠭᠡᠢ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠡᠮᠡᠷᠢᠯᠡᠪᠡ᠃       ︽ ᠪᠤᠬᠢᠷᠳᠦᠯ ᠦᠭᠡᠢ︾ ᠬᠦᠭᠵᠢᠯᠳᠡ ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ  ᠶᠢ ᠬᠤᠪᠢᠷᠠᠭᠤᠯᠬᠤ ᠳᠤ ᠦᠷᠭᠦᠯᠵᠢᠯᠡᠨ ᠬᠦᠴᠦᠯᠡᠬᠦ ᠬᠡᠷᠡᠭᠲᠡᠢ      5 ᠳ᠋ᠤᠭᠠᠷ ᠰᠠᠷ᠎ᠠ ᠶᠢᠨ 26 ᠤ ᠡᠳᠦᠷ᠂ ᠠᠦ᠋ᠰᠲᠷᠠᠯᠢᠶ᠎ᠠ ᠶᠢᠨ ᠰᠢᠩᠭᠡᠵᠢᠮᠡᠯ ᠪᠠᠶᠢᠭᠠᠯᠢ ᠶᠢᠨ ᠰᠢᠳᠠᠮᠠᠬᠠᠢ ᠬᠡᠢ ︵LNG︶ ᠲᠡᠭᠡᠭᠡᠪᠦᠷᠢ ᠶᠢᠨ ᠣᠩᠭᠤᠴᠠ ᠳᠤᠮᠳᠠᠳᠤ ᠤᠯᠤᠰ ᠤᠨ ᠶᠠᠨ ᠴᠧᠩ ᠬᠤᠲᠠ ᠶᠢᠨ ︽ᠪᠣᠬᠢᠷᠲᠤᠯ ᠥᠬᠡᠢ ᠡᠨᠧᠷᠭᠢ ᠶᠢᠨ ᠭᠠᠷᠠᠮ︾ ᠳᠤ ᠪᠠᠷᠠᠭ᠎ᠠ ᠪᠠᠭᠤᠯᠭᠠᠬᠤ ᠠᠵᠢᠯ ᠢᠶᠠᠨ ᠤᠷᠤᠭᠰᠢᠳᠠᠢ ᠪᠡᠶᠡᠯᠡᠭᠦᠯᠵᠡᠢ᠃ ᠶᠠᠨ ᠴᠧᠩ ᠬᠤᠲᠠ ᠶᠢᠨ ︽ᠪᠣᠬᠢᠷᠲᠤᠯ ᠥᠬᠡᠢ ᠡᠨᠧᠷᠭᠢ ᠶᠢᠨ ᠭᠠᠷᠠᠮ︾ LNG ᠲᠤᠰᠴᠤ ᠪᠠᠭᠤᠯᠭᠠᠬᠤ ᠶᠡᠷᠦᠩᠬᠡᠶ ᠬᠡᠮᠵᠢᠶ᠎ᠡ ᠨᠢ 450 ᠲᠦᠮᠡᠨ ᠲᠣᠨ ᠬᠦᠷᠴᠦ᠂ 3000 ᠲᠦᠮᠡᠨ ᠡᠷᠦᠬᠡ ᠶᠢᠨ ᠨᠢᠭᠡ ᠵᠢᠯ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠤᠨ᠎ᠠ᠃      ᠶᠠᠨ ᠴᠧᠩ ᠬᠤᠲᠠ ᠶᠢᠨ ︽ᠪᠣᠬᠢᠷᠲᠤᠯ ᠥᠬᠡᠢ ᠡᠨᠧᠷᠭᠢ ᠶᠢᠨ ᠭᠠᠷᠠᠮ︾ ᠤᠨ ᠪᠠᠶᠢᠭᠤᠯᠵᠤ ᠪᠠᠶᠢᠭ᠎ᠠ 6 ᠰᠠᠭᠤᠷᠢ 27 ᠲᠦᠮᠡᠨ ᠪᠣᠰᠤᠭ᠎ᠠ ᠳᠥᠷᠪᠡᠯᠵᠢᠨ ᠮᠧᠲᠷ LNG ᠲᠤᠰᠤ ᠬᠠᠳᠠᠭᠠᠯᠠᠬᠤ ᠰᠠᠪᠠ ᠨᠢ ᠶᠠᠭ ᠠᠽᠣᠲ ᠬᠡᠢ ᠶᠢ ᠰᠣᠯᠢᠬᠤ ᠠᠵᠢᠯ ᠬᠢᠵᠦ᠂ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠳᠤ ᠡᠴᠦᠰ ᠤᠨ ᠪᠡᠯᠡᠳᠬᠡᠯ ᠬᠢᠵᠦ ᠪᠠᠶᠢᠨ᠎ᠠ᠃ ᠲᠤᠬᠠᠢ ᠶᠢᠨ ᠣᠢᠶ᠎ᠠ ᠳᠤ᠂ ᠶᠠᠨ ᠴᠧᠩ ᠬᠤᠲᠠ ᠶᠢᠨ ︽ᠪᠣᠬᠢᠷᠲᠤᠯ ᠥᠬᠡᠢ ᠡᠨᠧᠷᠭᠢ ᠶᠢᠨ ᠭᠠᠷᠠᠮ︾ ᠨᠢ ᠳᠤᠮᠳᠠᠳᠤ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ LNG ᠬᠠᠳᠠᠭᠠᠯᠠᠮᠵᠢ ᠶᠢᠨ ᠰᠠᠭᠤᠷᠢᠨ ᠭᠠᠵᠠᠷ ᠪᠣᠯᠤᠨ᠎ᠠ᠃      ︽ᠰᠠᠯᠬᠢ︾ ︽ᠭᠡᠷᠡᠯ ︾ ᠤᠨ ᠬᠢᠵᠠᠭᠠᠷ ᠦᠭᠡᠢ ᠬᠡᠳᠦ ᠳᠡᠰ ᠤᠨ ᠢᠨᠵᠧᠨᠧᠷᠢᠩ ᠤᠨ ᠠᠷᠤ ᠳᠤ ︽ᠳᠡᠰ ᠠᠴᠠ ᠳᠠᠪᠠᠭᠰᠠᠨ ᠲᠣᠨᠤᠭ ᠲᠥᠬᠦᠭᠡᠷᠦᠮᠵᠢ︾ ︽ᠳᠡᠰ ᠠᠴᠠ ᠳᠠᠪᠠᠭᠰᠠᠨ ᠮᠠᠲ᠋ᠧᠷᠢᠶᠠᠯ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ︽ᠶᠠᠨ ᠴᠧᠩ ᠬᠤᠲᠠ ᠶᠢᠨ ᠪᠣᠬᠢᠷᠲᠤᠯ ᠥᠬᠡᠶ ᠡᠨᠧᠷᠭᠢ ᠶᠢᠨ ᠭᠠᠷᠠᠮ︾ ᠤᠨ ᠪᠥᠬᠦ ᠬᠠᠳᠠᠭᠠᠯᠠᠮᠵᠢ ᠶᠢᠨ ᠰᠠᠪᠠ ᠨᠢ ᠴᠥᠮ ᠳᠤᠮᠳᠠᠳᠤ ᠤᠯᠤᠰ ᠤᠨ ᠲᠡᠯᠡᠶ ᠶᠢᠨ ᠲᠣᠰᠣᠨ ᠤ ᠬᠡᠲᠦ ᠲᠣᠮᠣ ᠬᠡᠯᠪᠡᠷᠢ ᠶᠢᠨ LNG ᠬᠠᠳᠠᠭᠠᠯᠠᠮᠵᠢ ᠶᠢᠨ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠨ ᠪᠡᠶ᠎ᠡ ᠪᠠᠨ ᠳᠠᠭᠠᠭᠠᠵᠤ ᠵᠢᠷᠤᠵᠤ ᠲᠥᠯᠥᠪᠯᠡᠨ ᠪᠠᠶᠢᠭᠤᠯᠵᠠᠶ᠃ ᠶᠠᠨ ᠴᠧᠩ ᠬᠤᠲᠠ ᠶᠢᠨ ︽ᠪᠣᠬᠢᠷᠲᠤᠯ ᠥᠬᠡᠶ ᠡᠨᠧᠷᠭᠢ ᠵᠢᠨ‌ᠭᠠᠷᠠᠮ︾ ᠤᠨ ᠶᠡᠷᠦᠩᠬᠡᠶ ᠳᠠᠭᠠᠭᠠᠮᠠᠯ ᠳ᠋ᠧᠩ ᠴᠢᠩ ᠲᠠᠨᠢᠯᠴᠠᠭᠤᠯᠬᠤ ᠳᠠᠭᠠᠨ᠂ ᠪᠠᠶᠢᠭᠠᠯᠢ ᠶᠢᠨ ᠰᠢᠲᠠᠮᠠᠬᠠᠶ ᠬᠡᠶ ᠭᠦᠢᠴᠡᠳ ᠨᠥᠭᠡᠴᠡᠯᠡᠬᠦ ᠶᠢ ᠪᠠᠲᠤᠯᠠᠬᠤ ᠶᠢᠨ ᠬᠠᠮᠲᠤ᠂ ᠶᠠᠨ ᠴᠧᠩ ᠬᠤᠲᠠ ᠶᠢᠨ ︽ᠪᠣᠬᠢᠷᠲᠤᠯ ᠥᠬᠡᠶ ᠡᠨᠧᠷᠭᠢ ᠶᠢᠨ ᠭᠠᠷᠠᠮ︾ ᠨᠢ ᠣᠷᠣᠨ ᠪᠦᠰᠡ ᠶᠢᠨ ᠡᠨᠧᠷᠭᠢ ᠶᠢᠨ ᠪᠦᠲᠦᠴᠡ  ᠪᠠᠷ ᠰᠢᠯᠢᠳᠡᠭᠵᠢᠨ᠂ ᠬᠡᠯᠪᠡᠷᠢ ᠬᠤᠪᠢᠷᠠᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠳᠡᠭᠡᠭᠰᠢᠯᠡᠯᠲᠡ ᠶᠢ  ᠪᠡᠶᠡᠯᠡᠭᠦᠯᠵᠡᠢ ᠭᠡᠪᠡ᠃  ︽ᠪᠤᠬᠢᠷᠳᠦᠯ ᠦᠭᠡᠢ︾ ᠬᠦᠭᠵᠢᠯᠳᠡ ᠳᠤ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ᠂ ᠲᠡᠷᠢᠭᠦᠨ ᠰᠢᠨ᠎ᠡ ᠶᠢ ᠡᠭᠦᠳᠬᠦ ᠲᠡᠰᠢ ᠵᠡᠷᠭᠡᠪᠡᠷ ᠤᠷᠤᠭᠰᠢᠯᠠᠬᠤ ᠪᠣᠯᠤᠨ᠎ᠠ᠃ ᠤᠶᠢᠷ᠎ᠠ ᠳᠤ᠂ ᠳᠤᠮᠳᠠᠳᠤ ᠤᠯᠤᠰ ᠤᠨ ᠬᠢᠮᠢ ᠶᠢᠨ ᠢᠨᠵᠧᠨᠧᠷᠢᠩ ᠤᠨ ᠳᠠᠭᠠᠭᠠᠴᠢᠯᠠᠨ ᠪᠠᠶᠢᠭᠤᠯᠤᠭᠰᠠᠨ ᠪᠦᠬᠦ ᠪᠥᠮᠪᠥᠷᠴᠡᠭ ᠤᠨ ᠬᠠᠮᠤᠭ ᠤᠨ ᠲᠣᠮᠣ ᠨᠡᠭᠦᠷᠡᠰᠦ ᠪᠠᠷ ᠡᠲ᠋ᠢᠯ ᠠᠯᠺᠣᠣᠯ ᠦᠢᠯᠡᠳᠬᠦ ᠲᠥᠷᠥᠯ ᠵᠦᠢᠯ — ᠲᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠧᠲ᠋ᠢᠯ ᠠᠯᠺᠣᠣᠯ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠪᠦᠬᠦ ᠲᠠᠯ᠎ᠠ ᠪᠠᠷ ᠪᠠᠶᠢᠭᠤᠯᠤᠭᠳᠠᠵᠤ ᠠᠰᠢᠭᠯᠠᠯᠳᠠ ᠳᠤ ᠣᠷᠣᠪᠠ᠃ ᠲᠥᠷᠥᠯ ᠵᠦᠢᠯ ᠨᠢ ᠴᠡᠪᠡᠷ ᠨᠡᠭᠦᠷᠡᠰᠦᠨ ᠤ ᠮᠡᠷᠭᠡᠵᠢᠯ ᠢ ᠬᠡᠷᠡᠭᠯᠡᠨ᠂ ᠴᠢᠯᠠᠭᠤᠨ ᠲᠤᠰᠤ  ᠪᠠᠷ ᠦᠢᠯᠡᠳᠬᠦᠨ ᠢ ᠤᠷᠤᠭᠯᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠨᠢᠭᠡ ᠴᠣᠭᠴᠠᠵᠢᠬᠤ ᠶᠢ ᠪᠡᠶᠡᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶ ᠶᠢᠨ ᠦᠷ᠎ᠡ ᠠᠰᠢᠭ ᠤᠨ ᠳᠠᠪᠠᠭᠤᠯᠢᠭ  ᠲᠠᠯ᠎ᠠ ᠪᠣᠯᠭᠠᠨ ᠬᠤᠪᠢᠷᠠᠭᠤᠯᠪᠠ᠃ ᠰᠢᠷ᠎ᠠ ᠲᠠᠩᠬᠢᠰ ᠤᠨ ᠬᠠᠢ ᠪᠢᠨ ᠭᠠᠷᠠᠮ ᠳᠤ᠂ ︽ᠠᠵᠢᠯ ᠡᠬᠢᠯᠡᠭᠦᠯᠬᠦ︾ ᠵᠠᠷᠯᠢᠭ ᠢ ᠳᠠᠭᠠᠯᠳᠤᠨ᠂ ᠳᠤᠮᠳᠠᠳᠤ ᠤᠯᠤᠰ ᠤᠨ ᠬᠠᠮᠤᠭ ᠤᠨ ᠶᠡᠭᠡ ᠳᠠᠯᠠᠢ ᠳᠡᠭᠡᠷᠡᠬᠢ ᠭᠡᠷᠡᠯ ᠴᠡᠨᠡᠭ ᠤᠨ ᠲᠦᠷᠦᠯ ᠵᠦᠢᠯ — ᠵᠦᠩ ᠾᠧ ᠲᠢᠶᠠᠨ ᠸᠠᠨ 200 ᠲᠦᠮᠡᠨ ᠺᠢᠯᠣᠸᠠᠲ ᠤᠨ ᠭᠡᠷᠡᠯ ᠴᠡᠨᠡᠭ ᠤᠨ ᠵᠢᠱᠢᠶ᠎ᠡ ᠦᠵᠡᠭᠦᠯᠬᠦ ᠲᠦᠷᠦᠯ ᠵᠦᠢᠯ   ᠢ ᠵᠢᠶᠠᠩᠰᠦ ᠶᠢᠨ ᠯᠢᠶᠠᠨ ᠶᠦᠨ ᠭᠠᠷᠠᠮ ᠳᠤ ᠵᠢᠩᠬᠢᠨᠢ ᠪᠠᠷ ᠡᠬᠢᠯᠡᠨ ᠪᠠᠶᠢᠭᠤᠯᠪᠠ᠃ ᠭᠠᠨᠰᠦ ᠶᠢᠨ ᠮᠤᠤᠠᠤᠰᠤ ᠡᠯᠡᠰᠦᠨ ᠴᠦᠯ ᠳᠤ᠂ ᠳᠤᠮᠳᠠᠳᠤ ᠤᠯᠤᠰ ᠤᠨ ᠠᠩᠬᠠᠳᠠᠭᠴᠢ ᠮᠢᠩᠭᠠᠨ ᠲᠦᠮᠡᠨ ᠺᠢᠯᠣᠸᠠᠲ ᠤᠨ ᠲᠡᠰ ᠤᠨ ᠤᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠡᠨᠧᠷᠭᠢ ᠶᠢᠨ ᠰᠠᠭᠤᠷᠢᠨ ᠭᠠᠵᠠᠷ — ᠬᠤᠸᠠ ᠨᠧᠩ ᠯᠦᠩ ᠳ᠋ᠦᠩ ᠡᠨᠧᠷᠭᠢ ᠶᠢᠨ ᠰᠠᠭᠤᠷᠢᠨ ᠤ ᠪᠦᠳᠦᠭᠡᠨ ᠪᠠᠶᠢᠭᠤᠯᠤᠯᠲᠠ ᠬᠦᠷ ᠬᠥᠭᠵᠢᠶᠡᠨ ᠲᠠᠢ ᠶᠠᠪᠤᠭᠳᠠᠨ᠎ᠠ᠃      ᠹᠠᠷᠠᠨᠽᠢ ᠤᠯᠤᠰ ᠤᠨ ︽ᠴᠤᠤᠷᠢᠶᠠᠳᠤ ᠰᠤᠨᠢᠨ︾ ᠳᠤ᠂ ᠳᠤᠮᠳᠠᠳᠤ ᠤᠯᠤᠰ ᠬᠥᠮᠦᠰ ᠢ ᠰᠣᠴᠢᠭᠠᠮ᠎ᠠ ᠬᠤᠷᠳᠤᠴᠠ ᠪᠠᠷ ᠪᠣᠬᠢᠷᠲᠤᠯ ᠦᠭᠡᠢ ᠠᠵᠤ ᠦᠢᠯᠡᠰ ᠢ ᠬᠥᠭᠵᠢᠭᠦᠯᠵᠦ᠂ ᠪᠦᠬᠦ ᠪᠥᠮᠪᠥᠷᠴᠡᠭ ᠤᠨ ᠬᠡᠷᠡᠭᠯᠡᠭᠴᠢᠳ ᠲᠤ ᠪᠤᠶᠠᠨ ᠦᠢᠯᠡᠳᠬᠦ ᠪᠥᠭᠡᠳ ᠪᠦᠬᠦ᠋ᠢᠯᠡ ᠬᠠᠩᠭᠠᠯᠭ᠎ᠠ ᠶᠢᠨ ᠬᠡᠯᠬᠢᠶᠡᠨ ᠤ ᠭᠠᠳᠠᠭᠠᠳᠤ ᠶᠢᠨ ᠺᠣᠮᠫᠠᠨᠢ ᠳᠤ ᠠᠰᠢᠭ  ᠬᠦᠷᠳᠡᠭᠡᠵᠦ ᠪᠠᠶᠢᠨ᠎ᠠ ᠭᠡᠵᠦ ᠮᠡᠳᠡᠭᠡᠯᠡᠵᠡᠢ᠃      ︽ᠭᠦᠨᠵᠡᠭᠡᠶ︾ ᠬᠦᠭᠵᠢᠯᠳᠡ ᠶᠢᠨ ᠰᠢᠨ᠎ᠡ ᠢᠷᠡᠭᠡᠳᠦᠢ ᠶᠢ ᠨᠡᠭᠡᠭᠡᠪᠡ      ᠱᠠᠩᠬᠠᠢ ᠬᠤᠲᠠ ᠶᠢᠨ ᠵᠢᠩ ᠠᠨ ᠲᠣᠭᠤᠷᠢᠭ ᠤᠨ ᠪᠦᠬᠦ ᠪᠥᠮᠪᠥᠷᠴᠡᠭ ᠤᠨ ᠬᠠᠮᠤᠭ ᠶᠡᠭᠡ ᠳ᠋ᠢᠶᠠᠮᠧᠲᠷ ᠲᠠᠢ ᠬᠤᠳᠳᠤᠭ ᠮᠠᠯᠲᠠᠬᠤ ᠮᠠᠰᠢᠨ ᠤ ︽ᠬᠦᠰᠡᠯᠡᠩᠳᠦ ᠨᠡᠷᠡᠮᠵᠢᠳᠦ︾ ᠭᠠᠵᠠᠷ ᠮᠠᠯᠳᠠᠬᠤ ᠠᠵᠢᠯᠯᠠᠭ᠎ᠠ ᠡᠬᠢᠯᠡᠭᠦᠯᠵᠦ ᠪᠠᠶᠢᠨ᠎ᠠ᠃ ᠢᠷᠡᠭᠡᠳᠦᠢ ᠳᠤ᠂ ᠳᠡᠯᠡᠬᠡᠶ ᠶᠢᠨ ᠬᠠᠮᠤᠭ ᠤᠨ ᠶᠡᠭᠡ ᠳ᠋ᠢᠶᠠᠮᠧᠲᠷ᠂ ᠱᠠᠩᠬᠠᠶ ᠶᠢᠨ ᠠᠩᠬᠠᠳᠠᠭᠴᠢ ᠡᠭᠴᠡ   ᠱᠠᠳᠤ  ᠶᠢᠨ ᠭᠠᠵᠠᠷ ᠳᠣᠤᠷᠠᠬᠢ ᠤᠶᠤᠨᠲᠤ ᠲᠡᠷᠭᠡᠨ ᠵᠤᠭᠰᠤᠭᠠᠯ ᠢ ᠪᠠᠶᠢᠭᠤᠯᠵᠤ᠂ ᠬᠤᠲᠠ ᠶᠢᠨ ᠣᠷᠣᠨ ᠵᠠᠶ ᠶᠢᠨ ᠠᠰᠢᠭᠯᠠᠯᠲᠠ ᠶᠢᠨ ᠨᠣᠷᠮ᠎ᠠ ᠶᠢᠨ ᠳᠠᠬᠢᠨ ᠢᠶᠠᠷ ᠳᠡᠰ ᠳᠡᠪᠰᠢᠭᠦᠯᠬᠦ︾ ᠶᠢ ᠪᠡᠶᠡᠯᠡᠭᠦᠯᠵᠦ ᠴᠢᠳᠠᠨ᠎ᠠ᠃      ᠭᠠᠵᠠᠷ ᠳᠣᠣᠷᠠᠬᠢ ᠲᠡᠷᠭᠡᠨ ᠵᠤᠭᠰᠤᠭᠠᠯ ᠲᠤᠩ ᠤᠯᠠᠨ ᠪᠠᠶᠢᠨ᠎ᠠ᠂ ᠡᠨᠡᠬᠦ ᠭᠠᠵᠠᠷ ᠲᠤᠤᠷᠠᠬᠢ ᠲᠡᠷᠭᠡᠨ ᠵᠤᠭᠰᠤᠭᠠᠯ ᠨᠢ ᠶᠠᠮᠠᠷ ᠢᠯᠭᠠᠭ᠎ᠠ ᠪᠠᠶᠢᠬᠤ ᠪᠣᠢ︖ ᠲᠦᠭᠦᠮ ᠢᠶᠠᠷ ᠬᠡᠯᠡᠪᠡᠯ ︽ᠬᠠᠭᠤᠴᠢᠨ ᠬᠤᠲᠠ ᠶᠢᠨ ᠲᠣᠭᠤᠷᠢᠭ ᠤᠨ ᠮᠠᠰᠢ ᠵᠢᠵᠢᠭ ᠵᠡᠭᠡᠯᠢ ᠶᠢᠨ ᠴᠡᠴᠡᠷᠯᠢᠭ ᠢ ᠠᠰᠢᠭᠯᠠᠨ19 ᠳᠠᠪᠬᠤᠷ ᠭᠠᠵᠠᠷ ᠳᠣᠣᠷᠠᠬᠢ ᠲᠡᠷᠭᠡᠨ ᠵᠣᠭᠰᠣᠭᠠᠯ ᠪᠠᠶᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠲᠡᠷᠭᠡ ᠵᠣᠭᠰᠣᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ︾᠃ ᠲᠡᠷᠭᠡᠨ  ᠵᠤᠭᠰᠤᠭᠠᠯ ᠤᠨ ᠲᠥᠬᠦᠭᠡᠷᠦᠮᠵᠢ᠂ ᠠᠵᠢᠯᠯᠠᠭ᠎ᠠ᠂ ᠬᠢᠨᠠᠨ ᠡᠵᠡᠮᠰᠢᠯ᠂ ᠬᠠᠮᠠᠭᠠᠯᠠᠯᠲᠠ᠂ ᠬᠠᠮᠢᠶᠠᠷᠤᠯᠲᠠ ᠤᠶᠤᠨᠴᠢᠯᠠᠯᠳᠠ ᠶᠢ ᠨᠢᠭᠡ ᠴᠣᠭᠴᠠᠵᠢᠭᠤᠯᠤᠭᠰᠠᠨ 304 ᠲᠡᠷᠭᠡᠨ ᠵᠤᠭᠰᠤᠭᠠᠯ ᠨᠢ ᠭᠠᠷ ᠤᠲᠠᠰᠤ ᠶᠢᠨ ᠲᠠᠪᠴᠠᠩ ᠢ ᠬᠡᠷᠡᠭᠯᠡᠨ ᠲᠡᠷᠭᠡ ᠵᠣᠭᠰᠣᠭᠠᠬᠤ ᠳᠤ ᠵᠥᠪᠬᠡᠨ 90 ᠰᠧᠺᠦ᠋ᠨ᠋ᠳ᠋ ᠬᠡᠷᠡᠭᠰᠡᠨ᠎ᠡ᠃ ︽ᠡᠨᠡ ᠪᠣᠯ ᠲᠠᠷᠦᠢ ᠮᠡᠷᠭᠡᠵᠢᠯ᠂ ᠲᠣᠨᠤᠭ ᠲᠥᠬᠦᠭᠡᠷᠦᠮᠵᠢ᠂ ᠠᠵᠢᠯᠲᠠᠨ ᠴᠥᠮ ᠵᠣᠬᠢᠬᠤ ᠱᠠᠲᠤᠨ ᠳᠤ ᠬᠦᠷᠲᠡᠯ᠎ᠡ ᠬᠥᠭᠵᠢᠵᠦ᠂ ᠰᠠᠭᠤᠭᠠᠯᠢ ᠠᠷᠠᠳ ᠤᠨ ︿ᠪᠠᠴᠢᠮ ᠪᠡᠷᠬᠡ ᠵᠣᠪᠠᠨᠢᠯ ᠬᠦᠰᠡᠯ﹀ ᠢ ᠰᠢᠢᠳᠪᠦᠷᠢᠯᠡᠬᠦ ᠴᠢᠳᠠᠪᠤᠷᠢ ᠲᠠᠢ ᠪᠤᠯᠤᠭᠰᠠᠨ ᠤ ᠪᠣᠳᠠᠲᠠᠶ ᠢᠯᠡᠷᠡᠯ ᠮᠥᠨ︾ ᠭᠡᠵᠤ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠡᠯᠡᠪᠡ᠃      ︽ᠭᠦᠨᠵᠡᠭᠡᠶ︾ ᠬᠦᠭᠵᠢᠭᠦᠯᠵᠦ ᠳᠡᠰ ᠠᠴᠠ ᠳᠠᠪᠠᠭᠰᠠᠨ ᠢᠨᠵᠧᠨᠧᠷᠢᠩ ᠦᠨ ᠬᠥᠭᠵᠢᠯᠲᠡ ᠶᠢᠨ ᠰᠢᠨ᠎ᠡ ᠢᠷᠡᠭᠡᠳᠦᠢ ᠶᠢ ᠨᠡᠭᠡᠭᠡᠵᠡᠢ      ᠡᠬᠡ ᠬᠠᠭᠤᠷᠠᠢ ᠳᠤ᠂ ᠭᠦᠨ ᠲᠠᠪᠬᠤᠷᠭ᠎ᠠ ᠶᠢᠨ ᠣᠷᠣᠨ ᠵᠠᠢ ᠶᠢ ᠶᠠᠭ ᠰᠠᠶᠢᠬᠠᠨ ᠨᠡᠭᠡᠭᠡᠨ ᠠᠰᠢᠭᠯᠠᠵᠤ ᠪᠠᠶᠢᠨ᠎ᠠ᠃ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠬᠠᠮᠤᠭ ᠤᠨ ᠪᠤᠳᠤᠯᠢᠶᠠᠨᠲᠠᠶ ᠭᠠᠵᠠᠷ ᠳᠣᠤᠷᠠᠬᠢ ᠣᠷᠣᠨ ᠵᠠᠶ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠴᠣᠭᠴᠠ — ᠭᠤᠸᠠᠩ ᠭᠦ᠋ ᠲᠠᠯᠠᠪᠠᠶ ᠶᠢᠨ ᠶᠡᠷᠦᠩᠬᠡᠶᠢᠯᠡᠭᠰᠡᠨ ᠴᠣᠭᠴᠠ ᠠᠴᠠ ᠤᠯᠤᠰ ᠤᠨ ᠳᠣᠲᠣᠭᠠᠳᠤ ᠶᠢᠨ ᠠᠩᠬᠠᠳᠠᠭᠴᠢ ᠵᠢᠩᠬᠢᠨᠢ ᠠᠴᠢ ᠬᠤᠯᠪᠣᠭᠳᠠᠯ ᠪᠦᠬᠦᠢ ᠥᠷᠲᠡᠭᠡ ᠬᠤᠲᠠ ᠶᠢ ᠠᠭᠤᠰᠤᠯᠴᠠᠭᠤᠯᠤᠭᠰᠠᠨ ᠣᠨᠴᠠ ᠲᠣᠮᠣ ᠬᠡᠯᠪᠡᠷᠢ ᠶᠢᠨ ᠭᠠᠵᠠᠷ ᠳᠣᠤᠷᠠᠬᠢ ᠶᠡᠷᠦᠩᠬᠡᠶᠢᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠦᠢᠰᠦ — ᠰᠢ ᠯᠢ ᠬᠦᠢᠰᠦ ᠬᠦᠷᠲᠡᠯ᠎ᠡ᠂ ᠳᠤᠮᠳᠠᠳᠤ ᠤᠯᠤᠰ ᠤᠨ ᠬᠤᠲᠠ ᠶᠢᠨ ᠲᠥᠪ ᠤᠨ ᠣᠨᠴᠠ ᠲᠣᠮᠣ ᠬᠡᠯᠪᠡᠷᠢ ᠶᠢᠨ ᠭᠠᠵᠠᠷ ᠳᠣᠤᠷᠠᠬᠢ ᠵᠠᠮ ᠬᠠᠷᠢᠯᠴᠠᠭᠠᠨ ᠤ ᠬᠦᠢᠰᠦ ᠶᠢ ᠵᠢᠷᠤᠵᠤ ᠲᠥᠯᠥᠪᠯᠡᠬᠦ᠂ ᠪᠠᠶᠢᠭᠤᠯᠬᠤ᠂ ᠡᠵᠡᠩᠨᠡᠬᠦ ᠮᠡᠷᠭᠡᠵᠢᠯ ᠤᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠭᠰᠡᠨ ᠪᠥᠭᠡᠳ ᠬᠤᠲᠠ ᠶᠢᠨ ᠬᠥᠭᠵᠢᠯᠲᠡ ᠳᠤ ᠰᠢᠨ᠎ᠡ ᠣᠷᠣᠨ ᠵᠠᠶ ᠶᠢ ᠨᠡᠭᠡᠭᠡᠭᠰᠡᠨ ᠪᠠᠶᠢᠨ᠎ᠠ᠃ ︽ᠭᠠᠵᠠᠷ ᠳᠣᠣᠷᠠᠬᠢ ᠴᠢᠬᠤᠯᠠ ᠣᠷᠣᠨ ᠵᠠᠢ᠂ ᠠᠮᠤᠷ ᠲᠦᠪᠰᠢᠨ᠂ ᠡᠬᠢ ᠪᠠᠶᠠᠯᠢᠭ ᠨᠢ ᠨᠢᠭᠡᠨᠲᠡ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠤᠲᠠ ᠶᠢᠨ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠵᠠᠶ︾ ᠭᠡᠵᠤ ᠲᠤᠮᠳᠠᠳᠦ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃       ᠳᠠᠯᠠᠢ ᠳᠡᠭᠡᠷ᠎ᠡ᠂ ᠭᠦᠨ ᠲᠠᠪᠬᠤᠷᠭ᠎ᠠ ᠶᠢᠨ ᠬᠠᠶᠢᠨ ᠰᠦᠪᠡᠭᠴᠢᠯᠡᠯᠳᠡ ᠶᠡᠷᠦ ᠵᠤᠭᠰᠤᠭ᠎ᠠ ᠦᠭᠡᠢ᠃ ᠤᠶᠢᠷ᠎ᠠ ᠳᠤ᠂ ᠠᠽᠢᠶ᠎ᠠ ᠲᠢᠪ ᠤᠨ ᠠᠩᠬᠠᠳᠠᠭᠴᠢ ᠪᠥᠭᠡᠷᠡᠩᠬᠡᠢ ᠲᠦᠩᠰᠡ ᠬᠡᠯᠪᠡᠷᠢ ᠶᠢᠨ ᠬᠥᠪᠥᠮᠡᠯ ᠮᠠᠶ᠋ᠢᠭ ᠤᠨ ᠲᠣᠰᠣ ᠬᠠᠳᠠᠭᠠᠯᠠᠵᠤ ᠪᠠᠭᠤᠯᠭᠠᠬᠤ ᠲᠥᠬᠦᠭᠡᠷᠦᠮᠵᠢ ︽ᠬᠠᠢ ᠺᠦᠢ ᠨᠢᠭᠡᠳᠦᠭᠡᠷ︾ ᠠᠵᠢᠯ ᠡᠬᠢᠯᠡᠭᠦᠯᠵᠦ᠂ ᠳᠤᠮᠳᠠᠳᠤ ᠤᠯᠤᠰ ᠤᠨ ᠠᠩᠬᠠᠳᠠᠭᠴᠢ ᠭᠦᠨ ᠲᠠᠪᠬᠤᠷᠭ᠎ᠠ ᠶᠢᠨ ᠴᠢᠯᠠᠭᠤᠨ ᠲᠣᠰᠣᠨ ᠤ ᠰᠠᠪᠠ ᠶᠢ ᠬᠤᠶᠠᠳᠠᠬᠢ ᠤᠳᠠᠭ᠎ᠠ ᠨᠡᠭᠡᠭᠡᠨ ᠬᠥᠭᠵᠢᠭᠦᠯᠬᠦ ᠲᠥᠷᠥᠯ ᠵᠦᠢᠯ ᠨᠢ ᠵᠢᠯ ᠤᠨ ᠳᠣᠲᠣᠷ᠎ᠠ ᠠᠰᠢᠭᠯᠠᠯᠳᠠ ᠳᠤ ᠣᠷᠣᠭᠤᠯᠬᠤ ᠳᠤ ᠰᠠᠭᠤᠷᠢ ᠲᠠᠯᠪᠢᠵᠤ ᠥᠭᠪᠡ᠃ ᠡᠭᠦᠨ ᠠᠴᠠ ᠭᠠᠳᠠᠨ᠎ᠠ᠂ ᠠᠽᠢᠶ᠎ᠠ ᠲᠢᠪ ᠤᠨ ᠭᠦᠨ ᠲᠠᠪᠬᠤᠷᠭ᠎ᠠ ᠶᠢᠨ ᠳᠠᠮᠵᠢᠭᠤᠯᠬᠤ ᠬᠤᠭᠤᠯᠠᠶ ᠶᠢᠨ ᠲᠠᠪᠴᠠᠩ ᠤᠨ ︽ᠬᠠᠶ ᠵᠢᠶ ᠬᠤᠶᠠᠳᠤᠭᠠᠷ︾ ᠢ ᠤᠭᠰᠠᠷᠠᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠳᠠᠯᠠᠶ ᠳᠡᠭᠡᠷᠡᠬᠢ ᠲᠦᠭᠦᠬᠡᠶ ᠴᠢᠯᠠᠭᠤᠨ ᠲᠣᠰᠣᠨ ᠤ ᠦᠢᠯᠡᠳᠪᠦᠷᠢᠯᠡᠯ ᠤᠨ ᠲᠠᠪᠴᠠᠩ ᠤᠨ ᠥᠨᠳᠥᠷ ᠤᠨ ᠬᠡᠮᠵᠢᠶ᠎ᠡ ᠪᠣᠯᠤᠨ ᠬᠦᠨᠳᠦ ᠶᠢᠨ ᠬᠡᠮᠵᠢᠶ᠎ᠡ  ᠨᠢ ᠠᠽᠢᠶ᠎ᠠ ᠲᠢᠪ ᠤᠨ ᠲᠡᠮᠳᠡᠭᠯᠡᠯ ᠢ ᠰᠢᠨᠡᠳᠬᠡᠪᠡ᠃ ᠬᠡᠲᠦ ᠭᠦᠨ ᠲᠠᠪᠬᠤᠷᠭ᠎ᠠ ᠶᠢᠨ ᠳᠠᠯᠠᠶ ᠲᠠᠩᠭᠢᠰ ᠤᠨ ᠲᠣᠰᠣ ᠬᠡᠢ ᠪᠣᠯ ᠳᠤᠮᠳᠠᠳᠤ ᠤᠯᠤᠰ ᠤᠨ ᠲᠣᠰᠣ ᠬᠡᠢ ᠶᠢᠨ ᠡᠬᠢ ᠪᠠᠶᠠᠯᠢᠭ ᠤᠨ ᠨᠥᠭᠡᠴᠡ ᠶᠢᠨ ᠭᠠᠷᠤᠯᠲᠠ ᠶᠢ ᠨᠡᠮᠡᠭᠳᠡᠭᠦᠯᠬᠦ ᠭᠤᠣᠯᠳᠠᠯᠭ᠎ᠠ ᠲᠠᠢ ᠴᠢᠭᠯᠡᠯ ᠪᠤᠯᠤᠭᠰᠠᠨ ᠮᠦᠷᠳᠡᠭᠡᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠦ ᠬᠦᠴᠦᠲᠡᠶ ᠲᠤᠯᠭᠠᠭᠤᠷᠢ ᠬᠠᠩᠭᠠᠭᠰᠠᠨ ᠪᠠᠶᠢᠨ᠎ᠠ᠃      ︽ᠲᠡᠭᠡᠳᠦ︾ ᠬᠡᠮᠵᠢᠶ᠎ᠡ ᠪᠠᠷ ᠬᠦᠭᠵᠢᠭᠦᠯᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ᠎ᠠ      6 ᠳ᠋ᠤᠭᠠᠷ ᠰᠠᠷ᠎ᠠ ᠶᠢᠨ 16 ᠤ ᠡᠳᠦᠷ᠂ ᠱᠧᠨ ᠵᠦᠩ ᠨᠡᠪᠲᠡᠷᠡᠬᠦ ᠵᠠᠮ ᠨᠢ ᠪᠠᠷᠢᠯᠭ᠎ᠠ ᠲᠠᠭᠤᠰᠴᠦ ᠰᠢᠯᠭᠠᠨ ᠠᠪᠴᠠᠢ᠂ ᠡᠨᠡ ᠨᠢ 7 ᠵᠢᠯ ᠤᠨ ᠬᠤᠭᠤᠴᠠᠭᠠᠨ ᠤ ᠪᠡᠯᠡᠳᠭᠡᠯ ᠠᠵᠢᠯ᠂ 7 ᠵᠢᠯ ᠤᠨ ᠬᠠᠲᠠᠭᠤᠵᠢᠯᠲᠠᠢ ᠪᠦᠲᠦᠭᠡᠨ ᠪᠠᠶᠢᠭᠤᠯᠤᠯᠳᠠ ᠪᠠᠷ ᠳᠡᠯᠡᠬᠡᠢ ᠶᠢᠨ ᠳᠡᠰ ᠤᠨ ᠳᠠᠯᠠᠢ ᠠᠯᠤᠰᠯᠠᠭᠰᠠᠨ ᠢᠨᠵᠧᠨᠧᠷᠢᠩ ᠤᠨ ᠡᠯ᠎ᠡ ᠵᠦᠢᠯ ᠤᠨ ᠪᠦᠲᠦᠭᠡᠨ ᠪᠠᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠨᠢ ︽ᠶᠡᠭᠡ ᠰᠢᠯᠭᠠᠯᠳᠠ︾ ᠳᠤ ᠬᠢᠷᠢ ᠲᠡᠩᠴᠡᠭᠰᠡᠨ ᠢ ᠬᠠᠷᠠᠭᠤᠯᠵᠤ ᠪᠠᠶᠢᠨ᠎ᠠ᠃      ᠱᠧᠨ ᠵᠦᠩ ᠨᠡᠪᠲᠡᠷᠡᠬᠦ ᠵᠠᠮ ᠤᠨ ᠪᠦᠬᠦ ᠣᠷᠳᠣ ᠨᠢ 24 ᠺᠢᠯᠤᠮᠧᠲᠷ᠂ ︽ᠬᠥᠭᠦᠷᠭᠡ᠂ ᠠᠷᠠᠯ᠂ ᠨᠦᠬᠡᠨ ᠵᠠᠮ᠂ ᠤᠰᠤᠨ ᠲᠤᠤᠭᠤᠷ ᠬᠠᠷᠢᠯᠴᠠᠨ ᠨᠡᠪᠲᠡᠷᠡᠯᠴᠡᠬᠦ︾ ᠶᠢ ᠨᠢᠭᠡ ᠴᠣᠭᠴᠠ ᠪᠣᠯᠭᠠᠭᠰᠠᠨ ︽ᠱᠧᠨ ᠸᠠᠨ ᠾᠦᠢ︾ ᠬᠢᠭᠡᠳ ︽ᠵᠦ ᠵᠦᠩ ᠵᠢᠶᠠᠩ︾ ᠬᠤᠶᠠᠷ ᠶᠡᠭᠡ ᠬᠤᠲᠠ ᠶᠢᠨ ᠪᠥᠭᠡᠮᠨᠡᠷᠡᠯ ᠢ ᠬᠤᠯᠪᠣᠬᠤ ᠴᠣᠷ ᠤᠨ ᠭᠠᠭᠴᠠ ᠰᠢᠭᠤᠳ ᠨᠡᠪᠲᠡᠷᠡᠬᠦ ᠵᠠᠮ ᠪᠣᠯᠬᠤ ᠪᠥᠭᠡᠳ ᠣᠳᠣᠬᠠᠨ ᠤ ᠳᠡᠯᠡᠬᠡᠶ ᠳᠡᠭᠡᠷᠡᠬᠢ ᠶᠡᠷᠦᠩᠬᠡᠶᠢᠯᠡᠭᠰᠡᠨ ᠪᠦᠲᠦᠭᠡᠨ ᠪᠠᠶᠢᠭᠤᠯᠤᠯᠲᠠ ᠶᠢᠨ ᠬᠠᠮᠤᠭ ᠤᠨ ᠬᠦᠴᠢᠷᠲᠡᠶ ᠲᠡᠯᠡᠶ ᠰᠤᠨᠳᠠᠯᠠᠭᠰᠠᠨ ᠢᠨᠵᠧᠨᠧᠷᠢᠩ ᠤᠨ ᠨᠢᠭᠡ ᠪᠣᠯᠤᠨ᠎ᠠ᠃      ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠨᠢ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠬᠡᠷᠡᠭᠯᠡᠯᠲᠡ ᠳᠤ ᠥᠷᠭᠡᠨ ᠠᠭᠤᠳᠠᠮ ᠲᠠᠪᠴᠠᠩ ᠬᠠᠩᠭᠠᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠡᠯ᠎ᠡ ᠭᠠᠵᠠᠷ ᠤᠨ ᠬᠢᠨ ᠪᠠᠰᠠ ᠤᠨᠴᠠᠯᠢᠬᠳᠤ ᠳᠠᠪᠠᠭᠤᠯᠢᠭ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠠᠰᠢᠭᠲᠠᠢ ᠪᠠᠶᠢᠷᠢ ᠶᠢ ᠡᠵᠡᠯᠡᠵᠦ ᠪᠠᠶᠢᠨ᠎ᠠ᠃      ᠠᠨᠾᠦ᠋ᠢ ᠮᠣᠵᠢ ᠳᠤ᠂ ᠬᠦᠴᠦᠨ ᠤᠬᠠᠭᠠᠨ ᠤ ᠪᠣᠳᠣᠯᠲᠠ ᠰᠤᠳᠤᠯᠤᠨ ᠨᠡᠭᠡᠭᠡᠯᠲᠡ ᠪᠠ ᠠᠵᠤ ᠦᠢᠯᠡᠰ ᠤᠨ ᠬᠤᠣᠰ ᠥᠨᠳᠦᠷᠯᠢᠭ ᠵᠦᠭ ᠤᠷᠤᠭᠰᠢᠯᠠᠵᠤ᠂ ᠾᠧ ᠹᠧᠢ ᠬᠦᠴᠦᠨ ᠤᠬᠠᠭᠠᠨ ᠤ ᠮᠡᠳᠡᠭᠡ ᠵᠠᠩᠭᠢ ᠶᠢᠨ ᠢᠷᠡᠭᠡᠳᠦᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠥᠬᠦ ᠤᠯᠤᠰ ᠤᠨ ᠠᠩᠬᠠᠳᠠᠭᠴᠢ ᠪᠦᠯᠦᠭ ᠢᠷᠡᠭᠡᠳᠦᠢ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠲᠦᠭᠡᠨ  ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠪᠣᠯᠵᠤ᠂ ᠬᠦᠴᠦᠨ ᠤᠬᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠢᠯᠠᠯ ᠢ 60 ᠭᠠᠷᠤᠢ  ᠴᠤᠭᠯᠠᠭᠤᠯᠵᠠᠢ᠂ ᠵᠧᠵᠢᠶᠠᠩ ᠮᠣᠵᠢ ᠶᠢᠨ ᠰᠢᠶᠤᠤ ᠱᠠᠨ ᠲᠣᠭᠤᠷᠢᠭ ᠲᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 20 ᠳ᠋ᠦᠩᠰᠢᠭᠤᠷ ᠲᠥᠭᠦᠷᠢᠭ ᠪᠣᠯᠬᠤ ︽ᠱᠢ ᠭᠦ᠋︾ ᠠᠵᠤ ᠦᠢᠯᠡᠰ ᠤᠨ ᠶᠡᠷᠦᠩᠬᠡᠶᠢᠯᠡᠭᠰᠡᠨ ᠴᠣᠭᠴᠠ ᠨᠢ ᠬᠠᠩᠵᠸᠤ ᠬᠤᠲᠠ ᠶᠢᠨ ᠰᠢᠶᠣᠣ ᠱᠠᠨ ᠲᠣᠭᠤᠷᠢᠭ ᠲᠤ ᠵᠢᠩᠬᠢᠨᠢ ᠪᠠᠷ ᠪᠠᠶᠢᠭᠤᠯᠤᠭᠳᠠᠪᠠ᠂ ᠳᠤᠮᠳᠠᠳᠤ ᠤᠯᠤᠰ ᠤᠨ ᠱᠢ ᠭᠦ᠋ ᠣᠶᠤᠨᠴᠢ ᠠᠵᠤ ᠦᠢᠯᠡᠰ ᠤᠨ ᠶᠡᠷᠦᠩᠬᠡᠢ ᠴᠣᠭᠴᠠ ᠨᠢ ᠨᠢᠭᠡᠨᠲᠡ 800 ᠭᠠᠷᠤᠢ ᠸᠢᠳᠢᠤ᠋ ᠠᠵᠤ ᠦᠢᠯᠡᠰ ᠤᠨ ᠬᠡᠯᠬᠢᠶ᠎ᠡ ᠶᠢ ᠪᠣᠢ ᠪᠣᠯᠭᠠᠵᠤ᠂ ᠨᠢᠭᠡᠨᠲᠡ 1000 ᠭᠠᠷᠤᠢ ᠠᠵᠤ ᠠᠬᠤᠢᠯᠠᠯ ᠢᠶᠠᠷ ᠪᠦᠷᠢᠯᠳᠦᠭᠰᠡᠨ ᠪᠠᠶᠢᠨ᠎ᠠ᠃      ᠡᠨᠡ ᠵᠢᠯ ᠤᠨ 1 — 5 ᠳ᠋ᠤᠭᠠᠷ ᠰᠠᠷ᠎ᠠ ᠳᠤ᠂ ᠪᠥᠬᠦ ᠤᠯᠤᠰ ᠤᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠡᠶ᠃ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠦᠷᠭᠦᠯᠵᠢᠯᠡᠨ ᠴᠢᠨᠠᠷ ᠰᠠᠶᠢᠲᠠᠢ ᠬᠥᠭᠵᠢᠵᠦ᠂ ᠦᠢᠯᠡᠳᠬᠦ ᠦᠢᠯᠡᠰ ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠳᠤᠯ ᠦᠭᠡᠢ ᠲᠡᠰᠢ ᠬᠡᠯᠪᠡᠷᠢ ᠬᠤᠪᠢᠷᠠᠭᠤᠯᠬᠤ ᠪᠠᠶᠢᠳᠠᠯ ᠢᠯᠡᠷᠬᠡᠢ ᠪᠣᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠪᠠ ᠭᠡᠵᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠵᠤᠷᠭᠠᠨ ᠤ ᠳᠠᠷᠤᠭ᠎ᠠ ᠯᠢᠦ ᠠᠢ ᠬᠤᠸᠠ ᠬᠡᠯᠡᠪᠡ᠃      ︽ᠪᠣᠬᠢᠷᠲᠤᠯ ᠥᠬᠡᠢ︾ ᠠᠴᠠ ︽ ᠰᠢᠨ᠎ᠡ ᠶᠢ ᠡᠭᠦᠳᠬᠦ︾ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠬᠠᠨᠤᠮᠵᠢᠲᠠᠢ ᠪᠠᠶᠢᠨ᠎ᠠ᠂ ᠢᠷᠡᠭᠡᠳᠦᠢ ᠭᠡᠭᠡᠨ ᠰᠠᠷᠠᠭᠤᠯ ᠪᠠᠶᠢᠨ᠎ᠠ᠃    ᠢᠷᠡᠯᠲᠡ᠄ ᠲᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠰᠤᠨᠢᠨᠠᠷᠠᠳ ᠤᠨ ᠡᠳᠦᠷ ᠤᠨ ᠰᠣᠨᠢᠨ     
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1