ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠬᠠᠮᠲᠤᠷᠠᠨ ︽ᠪᠥᠬᠦ ᠤᠯᠤᠰ ᠤᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2023 ᠣᠨ ᠤ ᠮᠡᠳᠡᠭᠦᠯᠦᠯᠲᠡ︾ ᠪᠠ | 2023 ᠣᠨ ᠤ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠨᠡᠶᠢᠲᠡᠯᠡᠪᠡ᠃ 2023 ᠣᠨ ᠳᠤ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠲᠥᠷᠥᠯ ᠤᠨ ᠬᠢᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠲᠤᠰᠢᠶᠠᠨ ᠬᠠᠳᠠᠭᠠᠯᠠᠭᠤᠯᠬᠤ ᠬᠡᠪᠴᠢᠶ᠎ᠡ ᠶᠢ ᠥᠷᠭᠡᠳᠬᠡᠬᠦ ᠶᠢ ᠢᠳᠡᠪᠬᠢᠲᠡᠶ | ᠠᠬᠢᠭᠤᠯᠵᠤ᠂ ᠲᠦᠷᠢᠮ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠲᠣᠭᠠᠴᠢᠯᠠᠭᠰᠠᠨ ᠬᠥᠭᠵᠢᠯᠲᠡ ᠶᠢ | ᠠᠬᠢᠭᠤᠯᠵᠤ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠨ ᠬᠠᠳᠠᠭᠠᠯᠠᠭᠤᠯᠤᠭᠴᠢ ᠶᠢᠨ | ᠪᠡᠶᠡᠴᠢᠯᠡᠨ ᠣᠶᠢᠯᠠᠭᠠᠬᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠬᠡᠪᠴᠢᠶ᠎ᠡ ᠶᠢ ᠥᠷᠭᠡᠳᠬᠡᠬᠦ ᠠᠵᠢᠯ ᠢ ᠠᠬᠢᠭᠤᠯᠵᠤ᠂ ᠨᠠᠩ ᠣᠯᠠᠨ ᠬᠥᠮᠦᠰ ᠲᠤ ᠠᠰᠢᠭ ᠬᠦᠷᠳᠡᠭᠡᠪᠡ᠃ | ᠨᠢᠭᠡ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ 2023 ᠣᠨ ᠳᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠪᠣᠳᠠᠲᠠᠶ ᠲᠤᠰᠢᠶᠠᠭᠰᠠᠨ ᠨᠢᠭᠡᠴᠢ 494.76 ᠲᠦᠮᠡ ᠳᠤ ᠬᠦᠷᠴᠦ᠂ ᠪᠣᠳᠠᠲᠠᠶ | ᠲᠤᠰᠢᠶᠠᠭᠰᠠᠨ ᠠᠵᠢᠯᠲᠠᠨ 17454.68 ᠲᠦᠮᠡᠨ ᠬᠥᠮᠦᠨ ᠪᠤᠯᠵᠤ᠂ ᠲᠣᠰ ᠪᠦᠷᠢ ᠲᠦᠷᠦᠭᠦᠤ ᠵᠢᠯ ᠤᠨ ᠬᠢ ᠠᠴᠠ | 9.29% ᠪᠠ 2.8% ᠪᠠᠷ ᠨᠡᠮᠡᠭᠳᠡᠪᠡ᠃ ᠰᠢᠨ᠎ᠡ ᠳᠠᠩᠰᠠ ᠪᠠᠢᠭᠤᠯᠤᠭᠰᠠᠨ ᠨᠢᠭᠡᠴᠢ 77.15 ᠲᠦᠮᠡ᠂ ᠰᠢᠨ᠎ᠡ | ᠳᠠᠩᠰᠠ ᠪᠠᠢᠭᠤᠯᠤᠭᠰᠠᠨ ᠠᠵᠢᠯᠲᠠᠨ ᠠᠵᠢᠯᠴᠢᠨ 2017.11 ᠲᠦᠮᠡᠨ ᠬᠥᠮᠦᠨ ᠪᠤᠯᠵᠠᠢ᠃ ᠪᠣᠳᠠᠲᠠᠶ ᠲᠤᠰᠢᠶᠠᠭᠰᠠᠨ | ᠨᠢᠭᠡᠴᠢ 42.04 ᠲᠦᠮᠡ᠂ ᠪᠣᠳᠠᠲᠠᠶ ᠲᠤᠰᠢᠶᠠᠭᠰᠠᠨ ᠠᠵᠢᠯᠲᠠᠨ ᠠᠵᠢᠯᠴᠢᠨ 475.12 ᠲᠦᠮᠡ ᠪᠠᠷ ᠨᠡᠮᠡᠭᠳᠡᠪᠡ᠃ | ᠬᠤᠶᠠᠷ ᠲᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠦᠷᠭᠡᠳᠭᠡᠪᠡ᠃ | ᠴᠦᠩᠴᠢᠩ᠂ ᠴᠧᠩᠳᠦ᠋᠂ ᠭᠤᠸᠠᠩᠵᠧᠦ᠂ ᠱᠧᠨᠵᠧᠨ᠂ ᠴᠠᠩ ᠵᠧᠦ᠂ ᠰᠦᠵᠧᠦ ᠵᠡᠷᠭᠡ ᠠᠩᠬᠠᠳᠠᠭᠴᠢ ᠪᠦᠯᠦᠭ | ᠲᠤᠷᠰᠢᠯᠲᠠ ᠶᠢᠨ ᠴᠡᠭ ᠪᠣᠯᠬᠤ ᠬᠤᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠵᠢᠯᠣᠭᠤᠳᠴᠤ᠂ ᠲᠤᠷᠰᠢᠯᠲᠠ ᠶᠢᠨ | ᠴᠡᠭ ᠤᠨ ᠲᠥᠷᠥ ᠶᠢᠨ ᠪᠣᠳᠣᠯᠭ᠎ᠠ ᠶᠢ ᠳ᠋ᠦᠩᠨᠡᠨ᠂ ᠨᠢᠭᠡᠳᠦᠯᠲᠡᠶ ᠬᠡᠷᠡᠭᠵᠢᠭᠦᠯᠬᠦ ᠰᠠᠭᠤᠷᠢ ᠴᠢᠨᠠᠷᠲᠠᠶ ᠲᠥᠷᠥ ᠶᠢᠨ | ᠪᠣᠳᠣᠯᠭ᠎ᠠ ᠪᠣᠯᠤᠨ ᠰᠣᠩᠭᠤᠨ ᠬᠡᠷᠡᠭᠯᠡᠬᠦ ᠳᠡᠮᠵᠢᠯᠭᠡ ᠶᠢᠨ ᠴᠢᠨᠠᠷᠲᠠᠶ ᠲᠥᠷᠥ ᠶᠢᠨ ᠪᠣᠳᠣᠯᠭ᠎ᠠ ᠶᠢ ᠲᠤᠳᠤᠷᠬᠠᠶᠢᠯᠠᠪᠠ᠃ | ᠲᠤᠷᠰᠢᠯᠲᠠ ᠶᠢᠨ ᠴᠡᠭ ᠤᠨ ᠬᠦᠷᠢᠶ᠎ᠡ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠵᠢᠨᠠᠨ᠂ ᠦᠬᠠᠨ᠂ ᠴᠢᠩᠳᠣᠤ᠂ | ᠺᠦᠨᠮᠢᠩ᠂ ᠪᠤᠭᠤᠲᠤ᠂ ᠵᠢᠨᠴᠧᠩ᠂ ᠬᠤᠵᠸᠣ ᠵᠡᠷᠭᠡ 7 ᠲᠤᠷᠰᠢᠯᠲᠠ ᠶᠢᠨ ᠴᠡᠭ ᠤᠨ ᠬᠤᠲᠠ ᠶᠢ ᠨᠡᠮᠡᠭᠳᠡᠭᠦᠯᠵᠦ᠂ | ᠨᠠᠩ ᠣᠯᠠᠨ ᠠᠮᠢᠳᠤᠯᠢᠭ ᠢᠶᠠᠷ ᠠᠵᠢᠯ ᠣᠯᠤᠭᠰᠠᠳ ᠲᠤ ᠲᠣᠭᠲᠠᠭᠤᠨ ᠢᠶᠠᠷ ᠠᠵᠢᠯ ᠣᠯᠬᠤ ᠳᠤ ᠬᠦᠴᠦᠨ ᠨᠡᠮᠡᠷᠢᠯᠡᠪᠡ | ᠃ 2023 ᠣᠨ ᠤ ᠡᠴᠦᠰ ᠪᠣᠯᠲᠠᠯ᠎ᠠ᠂ 13 ᠲᠤᠷᠰᠢᠯᠲᠠ ᠶᠢᠨ ᠬᠤᠲᠠ ᠳᠤ ᠨᠡᠶᠢᠲᠡ 49.37 ᠲᠦᠮᠡᠨ | ᠠᠮᠢᠳᠤᠯᠢᠭ ᠢᠶᠠᠷ ᠠᠵᠢᠯ ᠣᠯᠤᠭᠰᠠᠳ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠦᠷᠢᠮ ᠤᠨ ᠬᠠᠮᠤᠷᠬᠤ ᠬᠡᠪᠴᠢᠶᠡᠨ ᠳᠤ ᠣᠷᠣᠭᠤᠯᠪᠠ᠃ | ︽ᠤᠷᠤᠨ ᠰᠠᠭᠤᠴᠠ ᠶᠢ ᠦᠯᠦ ᠰᠠᠷᠢᠭᠠᠯᠠᠬᠤ︾ ᠶᠢ ᠪᠠᠷᠢᠮᠳᠠᠯᠠᠵᠤ᠂ ᠣᠷᠣᠨ ᠰᠠᠭᠤᠴᠠ ᠶᠢᠨ ᠬᠡᠷᠡᠭᠴᠡᠭᠡ ᠶᠢ | ᠬᠠᠩᠭᠠᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠢ | ᠪᠠᠶᠢᠭᠤᠯᠬᠤ ᠶᠢᠨ ᠦᠨᠳᠦᠰᠦᠨ ᠵᠣᠷᠢᠯᠭ᠎ᠠ ᠶᠢᠨ ᠨᠢᠭᠡ ᠪᠣᠯᠤᠨ᠎ᠠ᠂ ᠮᠠᠨ ᠤ ᠤᠯᠤᠰ ᠤᠨ ᠣᠷᠣᠨ ᠰᠠᠭᠤᠴᠠ ᠶᠢᠨ | ᠵᠥᠷᠢᠴᠡᠯ ᠶᠡᠷᠦᠩᠬᠡᠶ ᠬᠡᠮᠵᠢᠶ᠎ᠡ ᠳᠤᠲᠠᠭᠳᠠᠬᠤ ᠠᠴᠠ ᠪᠦᠲᠦᠴᠡ ᠶᠢᠨ ᠴᠢᠨᠠᠷᠲᠠᠶ ᠬᠠᠩᠭᠠᠯᠭ᠎ᠠ ᠬᠦᠷᠦᠯᠴᠡᠬᠦ ᠦᠭᠡᠢ | ᠪᠤᠯᠵᠤ ᠬᠤᠪᠢᠷᠠᠬᠤ ᠶᠢ ᠲᠠᠭᠠᠯᠳᠤᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠥᠷᠥ ᠶᠢᠨ ᠪᠣᠳᠣᠯᠭ᠎ᠠ ᠶᠢ ᠴᠤ ᠵᠣᠬᠢᠴᠠᠩᠭᠤᠶ ᠰᠢᠯᠢᠳᠡᠭᠵᠢᠭᠦᠯᠦᠨ ᠲᠣᠬᠢᠷᠠᠭᠤᠯᠵᠠᠶ᠃ ᠨᠢᠭᠡ ᠳᠤ᠂ ᠭᠡᠷ ᠪᠠᠶᠢᠰᠢᠩ | ᠲᠦᠷᠢᠶᠡᠰᠦᠯᠡᠬᠦ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠶᠢ | ᠳᠡᠮᠵᠢᠬᠦ ᠡᠷᠴᠢᠮ ᠢ ᠴᠢᠩᠭᠠᠷᠠᠭᠤᠯᠪᠠ᠃ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠰᠠᠷ᠎ᠠ ᠪᠦᠷᠢ ᠲᠤᠰᠢᠶᠠᠨ | ᠬᠠᠳᠠᠭᠠᠯᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ | ᠭᠡᠷ ᠤᠨ ᠲᠦᠷᠢᠶᠡᠰᠦ ᠲᠤᠰᠢᠶᠠᠬᠤ ᠶᠢ ᠳᠡᠮᠵᠢᠵᠦ᠂ ᠰᠠᠷ᠎ᠠ ᠪᠦᠷᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠤᠨ ᠲᠦᠷᠢᠶᠡᠰᠦ ᠲᠤᠰᠢᠶᠠᠬᠤ᠂ ᠲᠤᠰᠢᠶᠠᠨ | ᠬᠠᠳᠠᠭᠠᠯᠠᠭᠤᠯᠤᠭᠴᠢ ᠶᠢ ᠬᠠᠪᠰᠤᠷᠤᠨ ᠲᠦᠷᠢᠶᠡᠰᠦᠨ ᠮᠥᠩᠭᠦ ᠶᠢᠨ ᠬᠠᠷᠠᠭᠠᠯᠵᠠᠯ ᠡᠳ᠋ᠯᠡᠬᠦ ᠵᠡᠷᠭᠡ ᠠᠷᠭ᠎ᠠ ᠶᠢ | ᠲᠡᠯᠭᠡᠷᠡᠭᠦᠯᠪᠡ᠃ 2023 ᠣᠨ ᠳᠤ ᠲᠦᠷᠢᠶᠡᠰᠦᠨ ᠣᠷᠣᠨ ᠰᠠᠭᠤᠴᠠ ᠳᠤ 2031.28 ᠳ᠋ᠦᠩᠰᠢᠭᠤᠷ ᠲᠥᠭᠦᠷᠢᠭ | ᠭᠠᠷᠭᠠᠨ ᠠᠪᠴᠤ᠂ ᠳᠡᠭᠡᠷ᠎ᠡ ᠵᠢᠯ ᠤᠨ ᠬᠢ ᠠᠴᠠ 33.52% ᠪᠠᠷ ᠨᠡᠮᠡᠭᠳᠡᠪᠡ︔ ᠲᠦᠷᠢᠶᠡᠰᠦᠨ ᠣᠷᠣᠨ | ᠰᠠᠭᠤᠴᠠ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠤᠭᠰᠠᠨ ᠬᠥᠮᠦᠨ ᠤ ᠲᠤᠭ᠎ᠠ 1846.09 | ᠲᠦᠮᠡᠨ ᠬᠥᠮᠦᠨ᠂ ᠳᠡᠭᠡᠷ᠎ᠡ ᠵᠢᠯ ᠤᠨ ᠬᠢ ᠠᠴᠠ 20.04% ᠪᠠᠷ ᠨᠡᠮᠡᠭᠳᠡᠪᠡ᠃ ᠬᠤᠶᠠᠷ ᠲᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ᠠᠩᠬ᠎ᠠ ᠢᠵᠢ ᠡᠩ ᠤᠨ ᠣᠷᠣᠨ ᠰᠠᠭᠤᠴᠠ᠂ ᠬᠠᠮᠲᠤ ᠶᠢᠨ ᠦᠮᠴᠢᠯᠡᠯᠳᠦ ᠣᠷᠣᠨ ᠰᠠᠭᠤᠴᠠ | ᠵᠡᠷᠭᠡ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠬᠤᠳᠠᠯᠳᠤᠨ ᠠᠪᠬᠤ ᠶᠢ ᠭᠤᠤᠯᠳᠠᠯᠭ᠎ᠠ ᠲᠠᠢ ᠲᠡᠮᠵᠢᠪᠡ᠃ | 2023 ᠣᠨ ᠤ ᠡᠴᠦᠰ ᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ | ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠨᠢ 16.98% ᠳᠤ | ᠬᠦᠷᠴᠦ᠂ 2023 ᠣᠨ ᠳᠤ ᠲᠠᠯᠪᠢᠭᠰᠠᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬᠠᠨ ᠤ | ᠣᠷᠣᠨ ᠰᠠᠭᠤᠴᠠ ᠶᠢᠨ ᠵᠢᠭᠡᠯᠡᠯᠭᠡ 82.97% ᠶᠢ ᠡᠵᠡᠯᠡᠵᠦ᠂ 144 ᠲᠡᠭᠰᠢ ᠳᠥᠷᠪᠡᠯᠵᠢᠨ ᠮᠧᠲᠷ ︵ᠪᠠᠭᠲᠠᠨ᠎ᠠ︶ | ᠠᠴᠠ ᠳᠣᠷᠣᠭᠰᠢᠬᠢ ᠣᠷᠣᠨ ᠰᠠᠭᠤᠴᠠ ᠶᠢᠨ ᠵᠢᠭᠡᠯᠡᠯᠭᠡ 90.61% ᠶᠢ ᠡᠵᠡᠯᠡᠵᠦ᠂ 40 ᠨᠠᠰᠤ ︵ᠪᠠᠭᠲᠠᠨ᠎ᠠ︶ | ᠠᠴᠠ ᠳᠣᠷᠣᠭᠰᠢᠬᠢ ᠠᠵᠢᠯᠲᠠᠨ ᠠᠵᠢᠯᠴᠢᠨ ᠤ ᠵᠢᠭᠡᠯᠡᠯᠭᠡ 81.36% ᠶᠢ ᠡᠵᠡᠯᠡᠪᠡ᠃ ᠭᠤᠷᠪᠠ ᠳᠤ᠂ ᠬᠠᠭᠤᠴᠢᠨ | ᠰᠠᠭᠤᠭᠠᠯᠢ ᠠᠷᠠᠳ ᠤᠨ ᠲᠤᠭᠤᠷᠢᠭ ᠢ ᠥᠭᠡᠷᠡᠴᠢᠯᠡᠬᠦ ᠳᠤ ᠬᠦᠴᠦᠨ ᠨᠡᠮᠡᠷᠢᠯᠡᠪᠡ᠃ 2023 ᠣᠨ ᠳᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠬᠡᠪᠴᠢᠶ᠎ᠡ ᠶᠢ ᠲᠣᠰ ᠬᠥᠮᠦᠨ ᠵᠢᠴᠢ ᠬᠠᠨᠢ ᠨᠥᠬᠦᠷ ᠬᠤᠶᠠᠷ ᠲᠠᠯ᠎ᠠ ᠶᠢᠨ ᠡᠴᠢᠭᠡ | ᠡᠬᠡ ᠨᠢ ᠥᠪᠡᠰᠦᠪᠡᠨ ᠰᠠᠭᠤᠬᠤ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ | ᠦᠭᠡᠷᠡᠴᠢᠯᠡᠯᠳᠡ ᠳᠤ ᠬᠦᠷᠲᠡᠯ᠎ᠡ ᠥᠷᠭᠡᠳᠬᠡᠵᠦ᠂ ᠨᠡᠶᠢᠲᠡ 4.42 ᠲᠦᠮᠡᠨ ᠬᠥᠮᠦᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ 8.26 ᠳ᠋ᠦᠩᠰᠢᠭᠤᠷ ᠲᠥᠭᠦᠷᠢᠭ ᠢ ᠴᠠᠬᠢᠯᠭᠠᠨ | ᠱᠠᠲᠤ ᠤᠭᠰᠠᠷᠠᠬᠤ ᠳᠤ ᠬᠡᠷᠡᠭᠯᠡᠵᠦ᠂ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠪᠠ᠃ ᠳᠥᠷᠪᠡ ᠳᠤ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠪᠡ᠃ 2023 ᠣᠨ ᠳᠤ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ︵ᠬᠢᠮᠳᠠ ᠲᠦᠷᠢᠶᠡᠰᠦᠨ ᠣᠷᠣᠨ ᠰᠠᠭᠤᠴᠠ︶ ᠶᠢᠨ ᠪᠥᠲᠥᠭᠡᠨ | ᠪᠠᠶᠢᠭᠤᠯᠤᠯᠲᠠ ᠶᠢᠨ ᠨᠥᠬᠦᠪᠥᠷᠢ ᠪᠠᠯᠠ ᠮᠥᠩᠭᠦ ᠶᠢ 1036.19 ᠳ᠋ᠦᠩᠰᠢᠭᠤᠷ ᠲᠥᠭᠦᠷᠢᠭ ᠭᠠᠷᠭᠠᠨ ᠠᠪᠴᠤ᠂ | ᠲᠣᠰ ᠵᠢᠯ ᠤᠨ ᠬᠤᠪᠢᠶᠠᠷᠢᠯᠠᠯᠲᠠ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ 71.92% ᠢ ᠡᠵᠡᠯᠡᠪᠡ᠃ | 2023 ᠣᠨ ᠤ ᠡᠴᠦᠰ ᠲᠤ᠂ ᠨᠡᠶᠢᠲᠡ ᠶᠢᠨ ᠲᠦᠷᠢᠶᠡᠰᠦᠨ ᠬᠡᠷ ︵ᠬᠢᠮᠳᠠ ᠲᠦᠷᠢᠶᠡᠰᠦᠨ ᠬᠡᠷ ᠪᠠᠶᠢᠰᠢᠩ︶ ᠤᠨ | ᠪᠥᠲᠥᠭᠡᠨ ᠪᠠᠶᠢᠭᠤᠯᠤᠯᠲᠠ ᠳᠤ ᠨᠡᠶᠢᠲᠡ 7560.2 ᠳ᠋ᠦᠩᠰᠢᠭᠤᠷ ᠲᠥᠭᠦᠷᠢᠭ ᠤᠨ ᠨᠥᠬᠦᠪᠥᠷᠢ ᠪᠠᠯᠠ ᠮᠥᠩᠭᠦ | ᠬᠠᠩᠭᠠᠪᠠ᠃ | ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ | ᠲᠡᠭᠡᠭᠰᠢᠯᠡᠭᠦᠯᠪᠡ᠃ ᠲᠤᠭᠠᠴᠢᠯᠠᠯᠳᠠ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠭᠤᠯᠭ᠎ᠠ ᠪᠣᠯᠤᠨ᠎ᠠ᠃ 2023 ᠣᠨ ᠳᠤ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠲᠥᠷᠥᠯ ᠤᠨ ᠬᠢᠨ ᠳᠥᠭᠦᠮ ᠳᠥᠲᠡ ᠥᠨᠳᠥᠷ | ᠪᠦᠲᠦᠮᠵᠢᠲᠡᠶ ᠲᠣᠭᠠᠴᠢᠯᠠᠭᠰᠠᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠬᠤ ᠶᠢᠨ ᠲᠣᠭᠤᠷᠢᠨ ᠳᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠢ | ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢ ᠠᠬᠢᠭᠤᠯᠪᠠ᠃ ᠨᠢᠭᠡ ᠳᠤ᠂ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠪᠡ᠃ ᠨᠢᠭᠡ | ᠲᠠᠯ᠎ᠠ ᠪᠠᠷ᠂ ᠢᠳᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠭᠠᠷᠳᠠᠴᠠ ᠪᠣᠯᠭᠠᠵᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠪᠡ᠃ ᠨᠥᠭᠦᠭᠡ ᠲᠠᠯ᠎ᠠ ᠪᠠᠷ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠵᠢᠯ ᠤᠨ ᠳᠣᠲᠣᠷ᠎ᠠ ᠳᠣᠲᠣᠭᠠᠳᠤ ᠶᠢ ᠬᠠᠮᠠᠭᠠᠯᠠᠬᠤ ᠶᠠᠮᠤᠨ ᠲᠠᠢ ᠬᠠᠮᠳᠤᠷᠠᠨ 8 ᠵᠦᠢᠯ ᠤᠨ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠬᠤᠶᠠᠷ ᠲᠤ᠂ ᠰᠦᠯᠵᠢᠶᠡᠨ ᠳᠡᠭᠡᠷᠡᠬᠢ | ᠦᠢᠯᠡᠴᠢᠯᠡᠭᠡᠨ ᠤ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠭᠰᠠᠨ | ᠭᠡᠷᠡᠴᠢ᠂ ᠣᠨᠳᠣᠤ ᠭᠠᠵᠠᠷ ᠤᠨ ᠵᠢᠭᠡᠯᠡᠯᠭᠡ ᠶᠢᠨ ᠲᠤᠰᠢᠶᠠᠨ ᠬᠠᠳᠠᠭᠠᠯᠠᠭᠤᠯᠵᠤ ᠬᠡᠷᠡᠭᠯᠡᠭᠰᠡᠨ ᠭᠡᠷᠡᠴᠢ᠂ ᠵᠢᠭᠡᠯᠡᠯᠭᠡ ᠶᠢᠨ | ᠳ᠋ᠦᠩᠨᠡᠨ ᠳᠠᠭᠤᠰᠬᠠᠭᠰᠠᠨ ᠭᠡᠷᠡᠴᠢ ᠵᠡᠷᠭᠡ ᠬᠤᠪᠢ ᠬᠥᠮᠦᠨ ᠤ ᠭᠡᠷᠡᠴᠢᠯᠡᠬᠦ ᠵᠦᠢᠯᠡᠰ ᠢ ᠡᠮᠬᠢᠯᠡᠨ ᠨᠡᠶᠢᠯᠡᠭᠦᠯᠬᠦ ᠪᠠᠷ | ᠳᠠᠮᠵᠢᠭᠤᠯᠤᠨ᠂ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠭᠠᠷᠭᠠᠵᠤ ᠥᠭᠬᠦ ᠶᠢ ᠪᠡᠶᠡᠯᠡᠭᠦᠯᠵᠦ᠂ ᠣᠨᠳᠣᠤ | ᠭᠠᠵᠠᠷ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠡᠭᠡᠭᠰᠢᠯᠡᠭᠦᠯᠪᠡ᠃ ᠬᠤᠪᠢ ᠬᠦᠮᠦᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠣᠨ ᠤ ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ | ᠴᠢᠳᠠᠮᠵᠢ ᠶᠢ ᠰᠦᠯᠵᠢᠶᠡᠨ ᠳᠤ ᠤᠷᠤᠭᠤᠯᠵᠤ᠂ ᠲᠤᠰᠢᠶᠠᠨ ᠬᠠᠳᠠᠭᠠᠯᠠᠭᠤᠯᠤᠭᠴᠢ ᠳᠤ ᠳᠡᠭᠡᠷ᠎ᠡ ᠵᠢᠯ ᠤᠨ ᠬᠤᠪᠢ | ᠬᠦᠮᠦᠨ ᠤ ᠲᠤᠰᠢᠶᠠᠨ ᠬᠠᠳᠠᠭᠠᠯᠠᠭᠤᠯᠵᠤ ᠬᠡᠷᠡᠭᠯᠡᠭᠰᠡᠨ ᠪᠠᠶᠢᠳᠠᠯ ᠢ ᠮᠡᠳᠡᠭᠳᠡᠨ᠎ᠡ᠃ ᠪᠥᠬᠦ ᠵᠢᠯ ᠳᠤ ᠨᠡᠶᠢᠲᠡ 1.05 | ᠳ᠋ᠦᠩᠰᠢᠭᠤᠷ ᠬᠥᠮᠦᠨ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ 165.43 ᠲᠦᠮᠡᠨ ᠬᠥᠮᠦᠨ ᠰᠦᠯᠵᠢᠶᠡᠨ ᠳᠡᠭᠡᠷ᠎ᠡ ᠣᠨᠳᠣᠤ | ᠭᠠᠵᠠᠷ ᠲᠤ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ 302. | 99 ᠳ᠋ᠦᠩᠰᠢᠭᠤᠷ ᠲᠥᠭᠦᠷᠢᠭ ᠰᠢᠯᠵᠢᠭᠦᠯᠦᠨ ᠵᠠᠯᠭᠠᠭᠤᠯᠪᠠ᠃ | ᠣᠷᠣᠨ ᠪᠦᠰᠡ ᠶᠢᠨ ᠬᠠᠮᠵᠢᠯᠴᠠᠭ᠎ᠠ ᠶᠢ ᠠᠬᠢᠭᠤᠯᠵᠦ᠂ ᠠᠵᠢᠯ ᠳᠦᠷᠦᠯ ᠤᠨ ᠬᠠᠮᠢᠶᠡᠷᠦᠯᠳᠡ ᠶᠢ ᠴᠢᠩᠭᠠᠳᠬᠠᠪᠠ | ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠠᠬᠤᠶ ᠪᠠᠶᠢᠳᠠᠯ ᠳᠣᠤᠷ᠎ᠠ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠣᠨᠳᠣᠤ ᠭᠠᠵᠠᠷ ᠲᠤ ᠬᠠᠮᠵᠢᠯᠴᠠᠭᠤᠯᠤᠨ ᠬᠥᠭᠵᠢᠭᠦᠯᠬᠦ ᠶᠢ | ᠲᠦᠷᠭᠡᠳᠬᠡᠨ ᠠᠬᠢᠭᠤᠯᠬᠤ ᠪᠣᠯ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂ ᠲᠤᠰᠢᠶᠠᠨ | ᠬᠠᠳᠠᠭᠠᠯᠠᠭᠤᠯᠤᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠤᠨ᠎ᠠ᠃ | ᠨᠢᠭᠡ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠷᠣᠨ ᠪᠦᠰᠡ ᠶᠢᠨ | ᠬᠠᠮᠵᠢᠯᠴᠠᠨ ᠬᠥᠭᠵᠢᠬᠦ ᠶᠢ ᠠᠬᠢᠭᠤᠯᠪᠠ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ᠂ ᠴᠧᠩᠳᠦ᠋ | ᠴᠦᠩᠴᠢᠩ ᠭᠠᠵᠠᠷ ᠣᠷᠣᠨ ᠤ ᠬᠤᠤᠰ ᠬᠤᠲᠠ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ | ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠪᠡᠶᠡᠯᠡᠭᠦᠯᠬᠦ ᠶᠢ ᠠᠬᠢᠭᠤᠯᠪᠠ᠃ ᠬᠤᠶᠠᠷ ᠲᠤ᠂ ᠭᠠᠵᠠᠷ ᠣᠷᠣᠨ | ᠠᠯᠤᠰᠯᠠᠭᠰᠠᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠠᠶᠢᠭᠤᠯᠪᠠ᠃ ᠰᠧᠴᠤᠸᠠᠨ᠂ ᠵᠢᠶᠠᠩᠰᠦ᠂ | ᠱᠠᠨᠳᠦ᠋ᠩ ᠢ ᠵᠣᠬᠢᠶᠠᠨ ᠪᠠᠶᠢᠭᠤᠯᠤᠨ ᠲᠣᠰ ᠪᠦᠷᠢ ᠲᠥᠪᠡᠳ᠂ ᠬᠥᠬᠡᠨᠠᠭᠤᠷ᠂ ᠰᠢᠨᠵᠢᠶᠠᠩ ᠤᠨ ᠦᠢᠯᠡᠳᠪᠦᠷᠢᠯᠡᠯ | ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠲᠠᠢ ︽ᠬᠤᠤᠰᠯᠠᠭᠤᠯᠵᠦ︾᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠪᠡ᠃ ᠭᠤᠷᠪᠠ ᠳᠤ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠲᠦᠷᠭᠡᠳᠬᠡᠨ | ᠠᠬᠢᠭᠤᠯᠪᠠ᠃ ︽ᠮᠣᠵᠢ ᠠᠯᠤᠰᠯᠠᠨ ᠨᠡᠢᠳᠡᠮ ᠭᠦᠢᠴᠡᠳᠭᠡᠬᠦ︾ ᠦᠢᠯᠡᠴᠢᠯᠡᠭᠡᠨ ᠤ ᠵᠦᠢᠯᠡᠰ 13 ᠪᠣᠯᠵᠤ ᠨᠡᠮᠡᠭᠳᠡᠪᠡ᠃ | ᠡᠭᠦᠨ ᠤ ᠬᠠᠮᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠨᠢ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ | ᠵᠢᠷᠤᠮᠵᠢᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ | ᠲᠥᠪ ᠤᠨ ᠪᠡᠶᠡᠴᠢᠯᠡᠨ ᠤᠶᠢᠯᠠᠭᠠᠯᠳᠠ ᠦᠨᠡᠯᠡᠯᠳᠡ ᠵᠡᠷᠭᠡ ᠲᠠᠯ᠎ᠠ ᠶᠢᠨ ᠠᠵᠢᠯ ᠢ ᠴᠤ ᠦᠷᠭᠦᠯᠵᠢᠯᠡᠨ ᠠᠬᠢᠭᠤᠯᠵᠤ᠂ | ᠠᠵᠢᠯ ᠲᠥᠷᠥᠯ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | 30 ᠭᠠᠷᠤᠢ ᠵᠢᠯ ᠤᠨ ᠲᠤᠷᠰᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠳᠦᠷᠢᠮ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠪᠢᠷᠠᠯᠲᠠ ᠶᠢ ᠳᠠᠭᠠᠯᠳᠤᠨ ᠲᠠᠰᠤᠷᠠᠯᠲᠠ ᠦᠭᠡᠢ | ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠪᠡ᠃ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠲᠥᠷᠥᠯ ᠤᠨ ᠬᠢᠨ ᠬᠤᠪᠢᠷᠠᠯᠲᠠ ᠶᠢ | ᠣᠨᠣᠪᠴᠢᠲᠠᠶ ᠲᠠᠨᠢᠬᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠬᠤ᠂ ᠰᠠᠨᠠᠭᠠᠴᠢᠯᠠᠭ᠎ᠠ ᠠᠴᠠ ᠪᠠᠨ | ᠬᠤᠪᠢᠷᠠᠯᠲᠠ ᠶᠢ ᠡᠷᠢᠯᠬᠢᠯᠡᠬᠦ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |