2024 ᠣᠨ ᠤ ᠪᠥᠬᠦ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠦᠵᠡᠭᠦᠯᠦᠯᠭᠡ ᠪᠠ ᠪᠤᠯᠪᠠᠰᠤᠷᠠᠯ ᠤᠨ ᠬᠤᠷᠠᠯ ᠬᠥᠬᠡᠬᠤᠲᠠ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/2
      ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠣᠷᠣᠨ ᠤ ᠪᠠᠷᠢᠯᠭ᠎ᠠ ᠶᠢᠨ ᠬᠦᠷᠢᠶᠡᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 27 ᠤ ᠡᠳᠦᠷ᠂ ᠪᠦᠬᠦ ᠣᠷᠣᠨ ᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠵᠢᠨ‌ᠦᠵᠡᠭᠦᠯᠦᠯᠭᠡ‌‍ᠪᠠ ᠪᠤᠯᠪᠠᠰᠤᠷᠠᠯ ‍ᠤᠨ‌ᠬᠤᠷᠠᠯ ᠬᠥᠬᠡᠬᠤᠲᠠ ᠶᠢᠨ ᠦᠢᠯᠡᠳᠪᠦᠷᠢᠯᠡᠯ ᠤᠨ ᠲᠤᠬᠢᠷᠠᠭᠤᠯᠤᠨ ᠵᠢᠯᠣᠭᠤᠳᠬᠤ ᠲᠥᠪ ᠤᠨ ᠲᠦᠷᠦᠯ ᠵᠦᠢᠯ ᠤᠨ ᠠᠬᠤᠢ ᠲᠠᠯᠠᠪᠠᠢ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ ᠯᠢᠦ ᠸᠧᠨ ᠢᠦᠶ ᠬᠤᠷᠠᠯ ᠳᠤ ᠣᠷᠣᠯᠴᠠᠵᠠᠶ᠃ ᠲᠡᠷᠡ᠂ ᠣᠶᠢᠷ᠎ᠠ ᠶᠢᠨ ᠵᠢᠯ ᠤᠨ ᠲᠤᠷᠰᠢ ᠮᠠᠨ ᠤ ᠣᠷᠣᠨ ᠤ ᠢᠨᠵᠧᠨᠧᠷᠢᠩ ᠤᠨ ᠲᠥᠷᠥᠯ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ᠡᠯ᠎ᠡ ᠬᠠᠮᠢᠶ᠎ᠠ ᠪᠥᠬᠦᠶ ᠨᠢᠭᠡᠴᠢ ᠪᠣᠯᠤᠨ ᠰᠠᠯᠠᠭ᠎ᠠ ᠮᠥᠴᠢᠷ ᠤᠳ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠳᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠳᠠ ᠳᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠤᠨ ᠪᠦᠷᠢᠨᠰᠢᠬᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠭᠦᠨᠵᠡᠭᠡᠶ ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃      ᠲᠣᠰ ᠤᠳᠠᠭᠠᠨ ᠤ ᠦᠵᠡᠭᠦᠯᠦᠯᠭᠡ ᠪᠠ ᠪᠤᠯᠪᠠᠰᠤᠷᠠᠯ ᠤᠨ ᠬᠤᠷᠠᠯ ᠨᠢ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠶᠠᠪᠤᠴᠠ ᠪᠠ ᠭᠤᠤᠯᠳᠠᠯᠭ᠎ᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠂ ᠪᠣᠯᠪᠠᠰᠤᠷᠠᠯ ᠳᠤ ᠣᠷᠣᠯᠴᠠᠭᠰᠠᠳ ᠤᠷᠢᠳ ᠬᠤᠵᠢᠳ ᠵᠥᠩ ᠬᠠᠶ ᠶᠦᠸᠧ ᠵᠢᠶᠠᠩ ᠹᠦ᠋ ᠲᠥᠷᠥᠯ ᠵᠦᠢᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠰᠤᠷᠤᠭᠴᠢ ᠶᠢᠨ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠵᠡᠷᠭᠡ ᠪᠠᠶᠢᠭᠤᠯᠵᠤ ᠪᠠᠶᠢᠭ᠎ᠠ ᠢᠨᠵᠧᠨᠧᠷᠢᠩ ᠢ ᠲᠣᠭᠤᠷᠢᠨ ᠦᠵᠡᠵᠦ᠂ ︽ᠲᠤᠯᠠᠭᠠᠯᠭ᠎ᠠ ᠶᠢᠨ ᠢᠨᠵᠧᠨᠧᠷᠢᠩ︾ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠂ ᠡᠵᠡᠮᠳᠡᠯ᠂ ᠪᠣᠬᠢᠷᠲᠤᠯ ᠥᠬᠡᠶ ᠪᠠᠷᠢᠯᠭ᠎ᠠ ᠶᠢᠨ ᠤᠷᠴᠢᠨ ᠵᠢᠴᠢ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠠᠷᠭ᠎ᠠ ᠬᠢᠳᠡᠯ᠂ ᠣᠶᠤᠨᠴᠢ ᠪᠠᠷᠢᠯᠭ᠎ᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ᠂ BIM ᠮᠡᠷᠭᠡᠵᠢᠯ ᠤᠨ ᠬᠡᠷᠡᠭᠯᠡᠯᠲᠡ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠢᠯᠠᠰ ᠴᠡᠭ ᠢ ᠲᠣᠭᠤᠷᠢᠨ ᠦᠵᠡᠪᠡ᠃      ᠦᠵᠡᠭᠦᠯᠦᠯᠭᠡ ᠪᠠ ᠪᠤᠯᠪᠠᠰᠤᠷᠠᠯ ᠤᠨ ᠬᠤᠷᠠᠯ ᠤᠨ ᠬᠤᠭᠤᠴᠠᠭᠠᠨ ᠳᠤ ᠪᠠᠰᠠ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ  ᠠᠷᠭᠠᠴᠠᠭᠠᠬᠤ — ᠠᠮᠢ ᠨᠠᠰᠤᠨ ᠤ ᠵᠠᠮ ᠢ ᠰᠠᠭᠠᠳ ᠥᠬᠡᠶ ᠨᠡᠪᠳᠡᠷᠡᠭᠦᠯᠦᠶ᠎ᠡ︾ ᠪᠠᠷ ᠭᠤᠤᠯ ᠰᠡᠳᠦᠪ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ︽ᠠᠮᠦᠭᠤᠯᠠᠩᠳᠦ ᠬᠤᠨᠳᠠᠭ᠎ᠠ︾ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠢ ᠦᠷᠨᠢᠭᠦᠯᠵᠡᠢ᠂ ᠤᠷᠤᠯᠳᠤᠭᠠᠨ ᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠭᠵᠢᠶᠡᠨᠲᠡᠶ᠂ ᠭᠤᠶᠢᠳᠠ ᠰᠠᠶᠢᠬᠠᠨ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠰᠣᠨᠢᠷᠬᠠᠯᠲᠤ ᠰᠡᠳᠦᠪ ᠵᠡᠷᠭᠡ ᠣᠯᠠᠨ ᠵᠦᠢᠯ ᠤᠨ ᠬᠡᠯᠪᠡᠷᠢ ᠪᠠᠷ ᠤᠷᠤᠯᠳᠤᠭᠠᠨ ᠳᠤ ᠣᠷᠣᠯᠴᠠᠭᠰᠠᠳ ᠲᠤ ᠤᠷᠤᠯᠳᠤᠭᠠᠨ ᠢ ᠰᠣᠨᠢᠷᠬᠠᠭᠤᠯᠬᠤ ᠶᠢᠨ ᠬᠠᠮᠲᠤ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢ ᠰᠤᠷᠤᠯᠴᠠᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠠᠮᠤᠷ ᠲᠦᠪᠰᠢᠨ ᠢ ᠠᠬᠢᠭᠤᠯᠬᠤ ᠦᠷ᠎ᠡ ᠪᠦᠲᠦᠮᠵᠢ ᠳᠤ ᠬᠦᠷᠭᠡᠪᠡ᠃      ᠦᠵᠡᠭᠦᠯᠦᠯᠭᠡ ᠪᠠ ᠪᠤᠯᠪᠠᠰᠤᠷᠠᠯ ᠤᠨ ᠬᠤᠷᠠᠯ ᠢ ᠲᠤᠬᠠᠶ ᠶᠢᠨ ᠲᠠᠯᠠᠪᠠᠢ ᠪᠤᠯᠤᠨ  ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ᠂ ᠬᠡᠷ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠵᠢᠴᠢ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ᠂ ᠪᠠᠷᠢᠯᠭ᠎ᠠ ᠶᠢᠨ ᠢᠨᠵᠧᠨᠧᠷᠢᠩ ᠤᠨ ᠶᠠᠰᠤ ᠴᠢᠨᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠡᠶᠢᠲᠡ 180 ᠭᠠᠷᠤᠶ ᠬᠥᠮᠦᠨ  ᠠᠬᠤᠢ ᠲᠠᠯᠠᠪᠠᠶ ᠶᠢᠨ ᠬᠤᠷᠠᠯ ᠳᠤ ᠣᠷᠣᠯᠴᠠᠪᠠ᠃ ᠢᠷᠡᠯᠳᠡ᠄ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1