ᠵᠠᠬᠢᠶᠠᠯᠠᠭ᠎ᠠ ᠶᠢᠨ ᠵᠠᠭᠪᠤᠷ ᠨᠢ ᠠᠳᠠᠯ ᠠᠬᠤᠢ ᠶᠢᠨ ᠦᠢᠯᠡᠴᠢᠯᠡᠭᠡ ᠳᠤ ᠡᠨᠧᠷᠭᠢ ᠣᠯᠭᠤᠵᠤ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/7/2
      ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠬᠦ ᠶᠢ ᠳᠠᠭᠠᠯᠳᠤᠨ᠂ ᠵᠠᠬᠢᠶᠠᠯᠠᠭ᠎ᠠ ᠶᠢᠨ ᠠᠳᠠᠯ ᠠᠬᠤᠶ ᠶᠢᠨ ᠦᠢᠯᠡᠴᠢᠯᠡᠭᠡ ᠠᠭᠠᠵᠢᠮ ᠢᠶᠠᠷ ᠴᠤ᠋ ᠰᠢᠨ᠎ᠡ ᠬᠡᠪ ᠰᠤᠷᠲᠠᠯ ᠢ ᠪᠤᠢ ᠪᠤᠯᠭᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠰᠢᠨ᠎ᠡ ᠬᠡᠪ ᠰᠤᠷᠲᠠᠯ ᠪᠣᠯᠤᠭᠰᠠᠨ ᠪᠠᠶᠢᠨ᠎ᠠ᠃ ᠵᠠᠬᠢᠶᠠᠯᠠᠭ᠎ᠠ ᠨᠢ ᠭᠤᠤᠯᠳᠠᠭᠤ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠲᠥᠷᠥᠯ ᠵᠦᠢᠯ ᠤᠨ ᠪᠠᠶᠠᠯᠢᠭ ᠪᠠ ᠦᠢᠯᠡᠴᠢᠯᠡᠭᠡᠨ ᠤ ᠠᠭᠤᠯᠭ᠎ᠠ ᠶᠢ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠪᠦᠬᠦᠯᠢ ᠴᠣᠭᠴᠠ ᠶᠢᠨ ᠳᠠᠪᠰᠢᠯᠲᠠ ᠶᠢ ᠠᠬᠢᠭᠤᠯᠤᠭᠰᠠᠨ ᠪᠠᠶᠢᠨ᠎ᠠ᠃      ᠥᠩᠭᠡᠷᠡᠭᠰᠡᠨ ᠳᠤ᠂ ᠠᠳᠠᠯ ᠠᠬᠤᠶ ᠶᠢᠨ ᠦᠢᠯᠡᠴᠢᠯᠡᠭᠡ ᠨᠢ ᠭᠤᠤᠯᠳᠠᠭᠤ ᠠᠷᠢᠭᠤᠨ ᠴᠡᠪᠡᠷ ᠂ ᠠᠮᠤᠷ ᠢ ᠬᠠᠮᠠᠭᠠᠯᠠᠬᠤ ᠪᠠ ᠰᠡᠯᠪᠢᠨ ᠵᠠᠰᠠᠬᠤ ᠵᠡᠷᠭᠡ ᠰᠠᠭᠤᠷᠢ ᠦᠢᠯᠡᠴᠢᠯᠡᠭᠡ ᠪᠣᠯᠤᠨ᠎ᠠ᠃ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠤ ᠱᠠᠭᠠᠷᠳᠠᠯᠭ᠎ᠠ ᠨᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠳᠠᠭᠠᠯᠳᠤᠨ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠦᠢᠯᠡᠴᠢᠯᠡᠭᠡᠨ ᠤ ᠲᠥᠰᠦᠯ ᠲᠣᠭᠲᠠᠭᠠᠵᠤ᠂ ᠡᠩᠬᠦᠷᠡᠶ ᠠᠮᠢᠲᠠᠨ ᠢ ᠬᠠᠷᠠᠭᠠᠯᠵᠠᠬᠤ᠂ ᠨᠠᠰᠤᠲᠠᠳ ᠢ ᠬᠠᠯᠠᠮᠵᠢᠯᠠᠬᠤ᠂ ᠬᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠠᠯᠢ ᠣᠯᠠᠨ ᠡᠰᠢᠵᠢᠭᠰᠡᠨ ᠦᠢᠯᠡᠴᠢᠯᠡᠭᠡ ᠶᠢ ᠨᠡᠮᠡᠭᠳᠡᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠡᠩ ᠲᠡᠷᠢᠭᠦᠨ ᠳᠤ᠂ ᠦᠢᠯᠡᠴᠢᠯᠡᠭᠡᠨ ᠤ ᠠᠭᠤᠯᠭ᠎ᠠ ᠶᠢ ᠨᠠᠩ ᠪᠠᠶᠠᠯᠢᠭᠵᠢᠭᠤᠯᠪᠠ᠃ ᠵᠢᠱᠢᠶᠡᠯᠡᠪᠡᠯ ᠠᠷᠢᠭᠤᠨ ᠴᠡᠪᠡᠷ ᠤᠨ ᠦᠢᠯᠡᠴᠢᠯᠡᠭᠡ ᠳᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠤᠭᠤᠰᠢᠳᠠᠢ ᠴᠡᠪᠡᠷᠯᠡᠬᠦ᠂ ᠬᠡᠷ ᠤᠨ ᠬᠡᠷᠡᠭᠰᠡᠯ ᠠᠷᠠᠴᠢᠯᠠᠨ ᠬᠠᠮᠠᠭᠠᠯᠠᠬᠤ᠂ ᠠᠭᠠᠷ ᠢ ᠴᠡᠪᠡᠷᠰᠢᠭᠦᠯᠬᠦ ᠵᠡᠷᠭᠡ ᠥᠪᠡᠷᠮᠢᠴᠡ ᠦᠢᠯᠡᠴᠢᠯᠡᠭᠡ ᠬᠠᠩᠭᠠᠪᠠ︔ ᠠᠮᠤᠷ ᠢ ᠬᠠᠮᠠᠭᠠᠯᠠᠬᠤ ᠦᠢᠯᠡᠴᠢᠯᠡᠭᠡᠨ ᠳᠤ᠂ ᠡᠭᠦᠳᠡᠨ ᠬᠠᠷᠠᠬᠤ ᠦᠨᠳᠦᠰᠦᠨ ᠬᠠᠮᠢᠶᠠᠷᠤᠯᠲᠠ᠂ ᠲᠣᠭᠤᠷᠢᠨ ᠴᠠᠭᠳᠠᠵᠤ ᠪᠠᠶᠢᠴᠠᠭᠠᠬᠤ ᠠᠴᠠ ᠭᠠᠳᠠᠨ᠎ᠠ ᠠᠮᠤᠷ ᠲᠦᠪᠰᠢᠨ ᠤ ᠰᠡᠷᠭᠡᠶᠢᠯᠡᠯᠲᠡ᠂ ᠪᠠᠴᠢᠮ  ᠠᠪᠤᠷᠠᠯᠳᠠ᠂ ᠠᠪᠤᠷᠠᠨ ᠲᠤᠰᠠᠯᠠᠬᠤ ᠵᠡᠷᠭᠡ ᠣᠶᠤᠨᠴᠢ ᠦᠢᠯᠡᠴᠢᠯᠡᠭᠡ ᠬᠠᠩᠭᠠᠪᠠ︔ ᠰᠡᠯᠪᠢᠨ ᠵᠠᠰᠠᠬᠤ ᠦᠢᠯᠡᠴᠢᠯᠡᠭᠡ ᠳᠤ᠂ ᠲᠣᠭᠲᠠᠮᠠᠯ ᠬᠤᠭᠤᠴᠠᠭ᠎ᠠ ᠲᠠᠢ ᠪᠠᠷ ᠲᠥᠬᠦᠭᠡᠷᠦᠮᠵᠢ ᠶᠢ ᠪᠠᠶᠢᠴᠠᠭᠠᠬᠤ᠂ ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠮᠠᠭᠠᠯᠠᠯᠳᠠ ᠬᠢᠬᠦ ᠂ ᠪᠠᠴᠢᠮ ᠠᠪᠤᠷᠠᠯᠳᠠ᠂ ᠵᠠᠰᠠᠵᠤ ᠪᠠᠶᠢᠴᠠᠭᠠᠬᠤ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃      ᠳᠠᠷᠠᠭᠠᠯᠠᠪᠠᠯ᠂ ᠦᠢᠯᠡᠴᠢᠯᠡᠭᠡᠨ ᠤ ᠪᠠᠭᠠᠵᠢ ᠬᠡᠷᠡᠭᠰᠡᠯ ᠨᠡᠩ ᠤᠶᠤᠨᠴᠢ ᠪᠤᠯᠪᠠ᠃ ᠬᠡᠰᠡᠭ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠪᠠ ᠰᠢᠨ᠎ᠡ ᠶᠢ ᠡᠭᠦᠳᠬᠦ ᠪᠠᠭᠠᠵᠢ ᠶᠢ ᠣᠷᠣᠭᠤᠯᠤᠨ ᠠᠪᠴᠢᠷᠠᠵᠤ ᠦᠢᠯᠡᠴᠢᠯᠡᠭᠡ ᠬᠠᠩᠭᠠᠪᠠ᠂ ᠵᠢᠱᠢᠶᠡᠯᠡᠪᠡᠯ ᠤᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ᠂ ᠰᠢᠯᠵᠢᠮᠡᠯ ᠬᠡᠷᠡᠭᠯᠡᠭᠡᠨ ᠤ ᠲᠠᠪᠴᠠᠩ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠶᠢ ᠬᠠᠩᠭᠠᠵᠤ᠂ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠬᠠᠩᠭᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠰᠠᠭᠤᠭᠠᠯᠢ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠣᠶᠢᠯᠠᠭᠠᠯᠲᠠ ᠶᠢ ᠳᠡᠭᠡᠭᠰᠢᠯᠡᠭᠦᠯᠦᠭᠰᠡᠨ ᠪᠠᠶᠢᠨ᠎ᠠ᠃      ᠭᠡᠪᠡᠴᠦ ᠵᠠᠬᠢᠶᠠᠯᠠᠭ᠎ᠠ ᠶᠢᠨ ᠠᠳᠠᠯ ᠠᠬᠤᠢ ᠶᠢᠨ ᠦᠢᠯᠡᠴᠢᠯᠡᠭᠡ ᠨᠢ ᠪᠠᠰᠠ ᠵᠠᠷᠢᠮ ᠥᠷᠢᠰᠦᠯᠳᠦᠭᠡᠨ ᠳᠤ ᠬᠦᠴᠢᠷᠳᠡᠯ ᠲᠤᠯᠭᠠᠷᠠᠵᠤ ᠪᠠᠶᠢᠨ᠎ᠠ᠄ ᠰᠠᠭᠤᠭᠠᠯᠢ ᠠᠷᠠᠳ ᠤᠨ ᠬᠡᠷᠡᠭᠴᠡᠭᠡ ᠶᠢ ᠬᠡᠷᠬᠢᠨ ᠣᠨᠣᠪᠴᠢᠲᠠᠢ ᠣᠶᠢᠯᠠᠭᠠᠬᠤ᠂ ᠦᠢᠯᠡᠴᠢᠯᠡᠭᠡᠨ ᠤ ᠥᠪᠡᠷ ᠤᠨ ᠦᠷᠳᠡᠭ ᠪᠠ ᠶᠠᠰᠤ ᠴᠢᠨᠠᠷ ᠢ ᠬᠡᠷᠬᠢᠨ ᠲᠡᠩᠴᠡᠭᠦᠷᠢᠲᠡᠢ ᠪᠠᠶᠢᠯᠭᠠᠬᠤ᠂ ᠰᠠᠭᠤᠭᠠᠯᠢ ᠠᠷᠠᠳ ᠤᠨ ᠬᠤᠪᠢ ᠶᠢᠨ ᠠᠮᠤᠷ ᠲᠦᠪᠰᠢᠨ ᠢ ᠬᠡᠷᠬᠢᠨ ᠪᠠᠲᠤᠯᠠᠬᠤ ᠵᠡᠷᠭᠡ ᠲᠠᠯ᠎ᠠ ᠪᠠᠷ ᠴᠥᠮ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨᠠᠮᠠᠭᠠᠢ ᠰᠡᠳᠬᠢᠵᠦ  ᠰᠠᠶᠢᠳᠦᠷ ᠰᠢᠢᠳᠪᠦᠷᠢᠯᠡᠬᠦ ᠬᠡᠷᠡᠭᠲᠡᠢ ᠶᠠᠪᠤᠳᠠᠯ ᠪᠤᠯᠤᠭᠠᠳ ᠪᠠᠶᠢᠨ᠎ᠠ᠃      ᠶᠡᠷᠦᠩᠬᠡᠶᠢᠯᠡᠪᠡᠯ᠂ ᠵᠠᠬᠢᠶᠠᠯᠠᠭ᠎ᠠ ᠶᠢᠨ ᠠᠳᠠᠯ ᠠᠬᠤᠶ ᠶᠢᠨ ᠦᠢᠯᠡᠴᠢᠯᠡᠭᠡᠨ ᠪᠣᠯ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠬᠠᠨᠳᠤᠰᠢ ᠪᠣᠯᠤᠨ᠎ᠠ᠃ ᠡᠯ᠎ᠡ ᠭᠠᠵᠠᠷ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠬᠡᠯᠪᠡᠷᠢ ᠶᠢᠨ ᠰᠢᠨ᠎ᠡ ᠶᠢ ᠡᠭᠦᠳᠴᠦ᠂ ᠰᠡᠳᠬᠢᠮᠵᠢ ᠪᠠᠨ ᠥᠷᠭᠡᠳᠬᠡᠨ᠂ ᠰᠠᠭᠤᠭᠠᠯᠢ ᠠᠷᠠᠳ ᠲᠤ ᠨᠠᠩ ᠣᠯᠠᠨ ᠦᠢᠯᠡᠴᠢᠯᠡᠭᠡᠨ ᠤ ᠲᠥᠷᠥᠯ ᠵᠦᠢᠯ ᠪᠠ ᠡᠯᠪᠡᠭ ᠪᠠᠶᠠᠯᠢᠭ ᠦᠢᠯᠡᠴᠢᠯᠡᠭᠡᠨ ᠤ ᠠᠭᠤᠯᠭ᠎ᠠ ᠬᠠᠩᠭᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠬᠤ ᠶᠢ ᠬᠦᠰᠡᠵᠦ ᠪᠠᠶᠢᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1