ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠠᠯᠲᠠ ᠶᠢᠨ ᠲᠦᠷᠭᠡᠨ ᠬᠥᠭᠵᠢᠯᠲᠡ ᠶᠢ ᠳᠠᠭᠠᠯᠳᠤᠨ | ᠬᠤᠲᠠ ᠶᠢᠨ ᠲᠤᠮᠳᠠᠬᠢ ᠲᠣᠰᠬᠤᠨ ᠪᠤᠶ ᠪᠤᠯᠵᠠᠢ᠂ ᠴᠥᠭᠡᠨ ᠪᠤᠰᠤ ᠬᠤᠲᠠ ᠶᠢᠨ ᠲᠤᠮᠳᠠᠬᠢ ᠲᠣᠰᠬᠤᠨ ᠳᠤ ᠭᠡᠷ | ᠪᠠᠶᠢᠰᠢᠩ ᠤᠨ ᠠᠮᠤᠷ ᠲᠦᠪᠰᠢᠨ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠤᠯᠠᠨ᠂ ᠢᠴᠢ | ᠪᠦᠷᠢᠯᠳᠦᠭᠰᠡᠨ ᠪᠡᠯᠡᠳᠬᠡᠮᠵᠢ ᠬᠤᠴᠣᠷᠤᠩᠭᠤᠶ᠂ ᠣᠷᠴᠢᠨ ᠲᠣᠭᠤᠷᠢᠨ ᠨᠢ ᠪᠤᠵᠠᠷ᠂ ᠰᠠᠮᠠᠭᠤᠨ᠂ ᠪᠠᠷᠤᠭᠲᠠᠶ ᠵᠡᠷᠭᠡ | ᠠᠰᠠᠭᠤᠳᠠᠯ ᠣᠷᠣᠰᠢᠵᠤ ᠪᠠᠶᠢᠭ᠎ᠠ ᠪᠣᠯᠬᠤᠷ ᠳᠠᠷᠦ᠋ᠢᠬᠠᠨ ᠥᠭᠡᠷᠡᠴᠢᠯᠡᠨ ᠰᠠᠶᠢᠵᠢᠷᠠᠭᠤᠯᠬᠤ ᠬᠡᠷᠡᠭᠲᠡᠶ᠃ 2023 | ᠣᠨ ᠤ 4 ᠳ᠋ᠤᠭᠡᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ︽ᠬᠡᠲᠦ ᠶᠡᠭᠡ ᠣᠨᠴᠠ ᠲᠤᠮᠤ ᠬᠤᠲᠠ ᠳᠤ ᠬᠤᠲᠠ ᠶᠢᠨ | ᠳᠤᠮᠳᠠᠬᠢ ᠲᠣᠰᠬᠤᠨ ᠢ ᠥᠭᠡᠷᠡᠴᠢᠯᠡᠬᠦ ᠪᠠ ︿ᠡᠩ ᠤᠨ ᠪᠠ ᠪᠠᠴᠢᠮ ᠬᠡᠷᠡᠭᠯᠡᠭᠡᠨ ᠤ﹀ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠤᠨ᠎ᠠ︾ ᠭᠡᠵᠦ | ᠵᠢᠭᠠᠨ ᠭᠠᠷᠭᠠᠪᠠ︔ ᠲᠤᠬᠠᠶ ᠶᠢᠨ ᠵᠢᠯ ᠤᠨ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ︽ᠬᠡᠲᠦ ᠶᠡᠭᠡ ᠣᠨᠴᠠ ᠲᠤᠮᠤ ᠬᠤᠲᠠ ᠳᠤ ᠬᠤᠲᠠ ᠶᠢᠨ ᠳᠣᠲᠣᠷᠠᠬᠢ ᠲᠣᠰᠬᠤᠨ ᠤ | ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠪᠠ᠃ | ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠨᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠳᠣᠲᠣᠭᠠᠳᠤ ᠬᠡᠷᠡᠭᠴᠡᠭᠡ ᠶᠢ ᠳᠠᠶᠢᠴᠢᠯᠠᠬᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠪᠦᠲᠦᠴᠡ ᠶᠢ | ᠰᠢᠯᠢᠳᠡᠭᠵᠢᠭᠦᠯᠬᠦ᠂ ᠬᠤᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠣᠯᠠᠨ ᠲᠠᠯ᠎ᠠ ᠶᠢᠨ | ᠦᠷ᠎ᠡ ᠠᠰᠢᠭ ᠢ ᠡᠭᠦᠳᠦᠨ᠎ᠡ᠃ ︽ᠬᠡᠲᠦ ᠶᠡᠭᠡ ᠣᠨᠴᠠ ᠲᠤᠮᠤ ᠬᠤᠲᠠ ᠨᠢ ᠶᠡᠭᠡ ᠬᠡᠮᠵᠢᠶᠡᠨ ᠤ ᠭᠠᠳᠠᠨ᠎ᠠ ᠠᠴᠠ | ᠢᠷᠡᠭᠰᠡᠨ ᠬᠥᠮᠥᠨ ᠠᠮᠠ᠂ ᠬᠤᠲᠠ ᠶᠢᠨ ᠰᠢᠨ᠎ᠡ ᠠᠷᠠᠳ ᠪᠠ ᠵᠠᠯᠠᠭᠤᠴᠤᠳ ᠢ ᠰᠢᠩᠭᠡᠭᠡᠨ ᠠᠪᠴᠤ᠂ ᠡᠳᠡᠭᠡᠷ | ᠬᠥᠮᠥᠰ ᠤᠨ ᠳᠣᠲᠣᠷᠠᠬᠢ ᠨᠡᠯᠢᠶᠡᠳ ᠬᠡᠰᠡᠭ ᠪᠦᠯᠦᠭ ᠨᠢ ᠬᠤᠲᠠ ᠶᠢᠨ ᠲᠤᠮᠳᠠᠬᠢ ᠲᠣᠰᠬᠤᠨ ᠳᠤ ᠭᠡᠷ ᠪᠠᠶᠢᠰᠢᠩ | ᠲᠦᠷᠢᠶᠡᠰᠦᠯᠡᠵᠦ ᠪᠠᠶᠢᠳᠠᠭ᠂ ᠤᠳᠤ ᠳᠤ ᠴᠢᠬᠤᠯᠠ ᠪᠦᠬᠦᠢ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ | ᠦᠢᠯᠡᠴᠢᠯᠡᠭᠡ ᠳᠤᠲᠠᠭᠳᠠᠵᠤ ᠪᠠᠶᠢᠨ᠎ᠠ︾᠃ ᠵᠧᠵᠢᠶᠠᠩ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ | ᠤᠯᠤᠰ ᠤᠨ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠦᠷᠦᠩᠭᠡ ᠶᠢᠨ ᠰᠤᠳᠤᠯᠭᠠᠨ ᠤ ᠬᠦᠷᠢᠶᠡᠯᠡᠩ ᠤᠨ | ᠳᠠᠷᠤᠭ᠎ᠠ ᠢᠦᠢ ᠰᠢᠶᠤᠤ ᠹᠧᠨ᠂ ᠬᠤᠳᠠ ᠶᠢᠨ ᠲᠤᠮᠳᠠᠬᠢ ᠲᠣᠰᠬᠤᠨ ᠢ ᠥᠭᠡᠷᠡᠴᠢᠯᠡᠭᠰᠡᠨ ᠤ ᠲᠠᠷᠠᠭ᠎ᠠ᠂ ᠣᠷᠣᠨ | ᠰᠠᠭᠤᠴᠠ ᠶᠢᠨ ᠨᠥᠬᠦᠴᠡᠯ ᠪᠠ ᠣᠷᠴᠢᠨ ᠲᠣᠭᠤᠷᠢᠨ ᠤ ᠶᠠᠰᠤ ᠴᠢᠨᠠᠷ ᠰᠠᠶᠢᠵᠢᠷᠠᠵᠤ᠂ ᠰᠠᠭᠤᠭᠠᠯᠢ ᠠᠷᠠᠳ ᠤᠨ ᠨᠡᠩ | ᠴᠢᠨᠠᠷ ᠰᠠᠶᠢᠲᠠᠢ ᠰᠤᠷᠭᠠᠨ ᠬᠥᠮᠦᠵᠢᠯ᠂ ᠨᠡᠩ ᠲᠡᠭᠦᠯᠳᠡᠷᠵᠢᠭᠰᠡᠨ ᠬᠤᠳᠠᠯᠳᠤᠭ᠎ᠠ ᠮᠠᠶᠢᠮᠠᠢ ᠪᠣᠯᠤᠨ ᠡᠮ ᠡᠮᠨᠡᠯᠭᠡ ᠵᠡᠷᠭᠡ | ᠢᠵᠢ ᠪᠦᠷᠢᠳᠦᠭᠰᠡᠨ ᠵᠢᠴᠢ ᠠᠳᠠᠯ ᠠᠬᠤᠢ ᠶᠢᠨ ᠦᠢᠯᠡᠴᠢᠯᠡᠭᠡ ᠶᠢ ᠡᠳ᠋ᠯᠡᠵᠦ᠂ ᠬᠤᠳᠠ ᠶᠢᠨ ᠠᠮᠢᠳᠤᠷᠠᠯ ᠳᠤ ᠨᠡᠩ | ᠰᠠᠶᠢᠨ ᠠᠭᠤᠰᠤᠯᠴᠠᠵᠤ ᠴᠢᠳᠠᠨ᠎ᠠ ᠭᠡᠵᠡᠢ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ | ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠬᠡᠲᠦ ᠶᠡᠭᠡ ᠣᠨᠴᠠ ᠲᠤᠮᠤ ᠬᠤᠲᠠ ᠶᠢᠨ | ᠳᠤᠮᠳᠠᠬᠢ ᠲᠣᠰᠬᠤᠨ ᠢ ᠥᠭᠡᠷᠡᠴᠢᠯᠡᠨ ᠰᠠᠶᠢᠵᠢᠷᠠᠭᠤᠯᠬᠤ ᠶᠢ ᠭᠤᠷᠪᠠᠨ ᠲᠥᠷᠥᠯ ᠬᠤᠪᠢᠶᠠᠨ ᠠᠬᠢᠭᠤᠯᠵᠤ | ᠬᠡᠷᠡᠭᠵᠢᠭᠦᠯᠦᠨ᠎ᠡ᠄ ᠨᠢᠭᠡ ᠳᠤ᠂ ᠨᠥᠬᠦᠴᠡᠯ ᠳᠤ ᠨᠡᠶᠢᠴᠡᠭᠰᠡᠨ ᠢ ᠨᠤᠷᠠᠭᠠᠵᠤ ᠰᠢᠨ᠎ᠡ ᠪᠠᠷ ᠪᠠᠶᠢᠭᠤᠯᠤᠨ᠎ᠠ᠂ ᠬᠤᠶᠠᠷ ᠲᠤ | ᠂ ᠪᠠᠶᠢᠩᠭᠤ ᠶᠢᠨ ᠴᠢᠨᠠᠷᠲᠠᠶ ᠪᠠᠷ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯ ᠢ ᠦᠷᠨᠢᠭᠦᠯᠦᠨ᠎ᠡ᠃ ᠭᠤᠷᠪᠠ ᠳᠤ᠂ | ᠨᠤᠷᠠᠭᠠᠵᠤ ᠴᠡᠭᠴᠡᠯᠡᠨ ᠰᠠᠶᠢᠵᠢᠷᠠᠭᠤᠯᠬᠤ ᠶᠢ ᠤᠶᠠᠯᠳᠤᠭᠤᠯᠤᠨ᠎ᠠ᠃ | ᠦᠭᠡᠷᠡᠴᠢᠯᠡᠯᠳᠡ ᠳᠤ ᠤᠷᠢᠳ ᠢᠶᠠᠷ ᠲᠦᠯᠦᠪᠯᠡᠵᠦ ᠳᠠᠷᠠᠭ᠎ᠠ ᠳᠤᠨᠢ ᠠᠵᠢᠯᠯᠠᠬᠤ ᠶᠢ ᠪᠠᠷᠢᠮᠲᠠᠯᠠᠵᠤ᠂ | ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠤᠷᠢᠳᠠᠪᠠᠷ ᠬᠤᠷᠢᠶᠠᠬᠤ᠂ ᠠᠵᠤ ᠦᠢᠯᠡᠰ ᠢ ᠨᠡᠭᠦᠯᠭᠡᠬᠦ᠂ | ᠠᠵᠢᠯᠲᠠᠨ ᠢ ᠲᠣᠬᠢᠲᠠᠶ ᠲᠥᠪᠬᠢᠨᠡᠭᠦᠯᠬᠦ᠂ ᠲᠡᠦᠬᠡ ᠰᠣᠶᠣᠯ ᠤᠨ ᠪᠠᠷᠢᠯᠭ᠎ᠠ ᠶᠢᠨ ᠳᠦᠷᠰᠦ ᠪᠠᠶᠢᠳᠠᠯ ᠢ ᠬᠠᠮᠠᠭᠠᠯᠠᠬᠤ᠂ | ᠲᠠᠲᠠᠪᠤᠷᠢᠯᠠᠬᠤ ᠲᠥᠪᠬᠢᠨᠡᠭᠦᠯᠬᠦ ᠶᠢᠨ ᠨᠥᠬᠦᠪᠥᠷᠢ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠤᠯᠭᠠᠮ᠎ᠠ᠂ | ᠬᠤᠲᠠ ᠶᠢᠨ ᠠᠮᠤᠷ ᠲᠦᠪᠰᠢᠨ ᠪᠠ ᠨᠡᠶᠢᠭᠡᠮ ᠤᠨ ᠵᠠᠰᠠᠯᠲᠠ ᠶᠢᠨ ᠳᠠᠯᠳᠠ ᠬᠡᠮ ᠣᠯᠠᠨ ᠬᠤᠲᠠ ᠶᠢᠨ ᠳᠤᠮᠳᠠᠬᠢ | ᠲᠣᠰᠬᠤᠨ ᠳᠤ ᠤᠷᠢᠳᠠᠪᠠᠷ ᠥᠭᠡᠷᠡᠴᠢᠯᠡᠯᠲᠡ ᠬᠢᠵᠦ᠂ ᠨᠢᠭᠡ ᠶᠢ ᠨᠢ ᠪᠤᠯᠪᠠᠰᠤᠷᠠᠭᠤᠯᠪᠠᠯ ᠨᠢᠭᠡ ᠶᠢ ᠨᠢ ᠠᠬᠢᠭᠤᠯᠵᠤ᠂ | ᠨᠢᠭᠡ ᠶᠢ ᠨᠢ ᠬᠡᠷᠡᠭᠵᠢᠭᠦᠯᠪᠡᠯ ᠨᠢᠭᠡ ᠶᠢ ᠨᠢ ᠪᠦᠳᠦᠭᠡᠬᠦ ᠬᠡᠷᠡᠭᠳᠡᠢ᠃ | ᠬᠤᠳᠠ ᠶᠢᠨ ᠲᠤᠮᠳᠠᠬᠢ ᠲᠣᠰᠬᠤᠨ ᠤ ᠥᠭᠡᠷᠡᠴᠢᠯᠡᠯᠲᠡ ᠶᠢ ᠠᠬᠢᠭᠤᠯᠬᠤ ᠳᠤ ᠰᠢᠨ᠎ᠡ ᠰᠡᠳᠬᠢᠴᠡ ᠰᠢᠨ᠎ᠡ | ᠠᠷᠭ᠎ᠠ ᠬᠡᠯᠪᠡᠷᠢ ᠪᠠᠷ ᠲᠠᠩᠰᠠ ᠶᠢ ᠬᠡᠷᠬᠢᠨ ᠪᠤᠳᠤᠬᠤ᠂ ᠵᠣᠭᠤᠰ ᠢ ᠬᠡᠷᠬᠢᠨ ᠬᠡᠷᠡᠭᠯᠡᠬᠦ᠂ ᠭᠠᠵᠠᠷ ᠰᠢᠷᠦᠢ ᠶᠢ ᠶᠠᠭᠠᠬᠢᠵᠤ | ᠲᠠᠲᠠᠪᠤᠷᠢᠯᠠᠬᠤ᠂ ᠬᠥᠮᠦᠨ ᠪᠠ ᠠᠵᠤ ᠦᠢᠯᠡᠰ ᠢ ᠬᠡᠷᠬᠢᠨ ᠲᠥᠪᠬᠢᠨᠡᠭᠦᠯᠬᠦ ᠵᠡᠷᠭᠡ ᠬᠦᠴᠢᠷ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠬᠠᠤᠯᠢ | ᠶᠣᠰᠣᠭᠠᠷ ᠲᠠᠲᠠᠪᠤᠷᠢᠯᠠᠬᠤ᠂ ᠬᠡᠷᠡᠭᠯᠡᠭᠡ ᠦᠭᠡᠢ ᠭᠠᠵᠠᠷ ᠢ ᠬᠤᠳᠠᠯᠳᠤᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ᠂ ᠵᠠᠰᠠᠭ ᠤᠨ | ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠤᠲᠠ ᠶᠢᠨ ᠵᠠᠰᠠᠭ ᠤᠨ ᠣᠷᠳᠣᠨ ᠠᠴᠠ ᠬᠠᠮᠲᠤ ᠶᠢᠨ | ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠨᠥᠬᠦᠪᠥᠷᠢ ᠶᠢᠨ ᠬᠠᠷᠢᠭᠤᠴᠠᠯᠭ᠎ᠠ ᠶᠢᠨ ᠰᠠᠯᠠᠭ᠎ᠠ ᠮᠥᠴᠢᠷ | ᠂ ᠲᠠᠲᠠᠪᠤᠷᠢᠯᠠᠬᠤ ᠨᠥᠬᠦᠪᠥᠷᠢ ᠶᠢᠨ ᠪᠠᠷᠢᠮᠵᠢᠶ᠎ᠠ ᠪᠠ ᠳᠡᠰ ᠳᠠᠷᠠᠭᠠᠯᠠᠯ ᠵᠡᠷᠭᠡ ᠶᠢ ᠲᠣᠳᠣᠷᠬᠠᠶᠢᠯᠠᠬᠤ ᠶᠢᠨ ᠬᠠᠮᠲᠤ | ᠬᠠᠤᠯᠢ ᠲᠣᠭᠲᠠᠭᠠᠯ ᠶᠣᠰᠣᠭᠠᠷ ᠲᠠᠲᠠᠪᠤᠷᠢᠯᠠᠬᠤ ᠶᠢ ᠬᠡᠷᠡᠭᠵᠢᠭᠦᠯᠬᠦ ᠬᠡᠷᠡᠭᠳᠡᠢ᠃ | ᠪᠡᠯᠡ ᠮᠥᠩᠭᠦ ᠶᠢᠨ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠬᠤ ᠶᠢ ᠪᠠᠷᠢᠮᠲᠠᠯᠠᠵᠤ᠂ | ᠵᠠᠰᠠᠭ ᠤᠨ ᠣᠷᠳᠣᠨ ᠠᠴᠠ ᠪᠡᠯᠡ ᠮᠥᠩᠭᠦ ᠴᠤᠭᠯᠠᠭᠤᠯᠬᠤ ᠮᠥᠷᠲᠡᠭᠡᠨ ᠪᠠᠰᠠ ᠨᠡᠶᠢᠭᠡᠮ ᠤᠨ ᠪᠡᠯᠡ ᠮᠥᠩᠭᠦ ᠶᠢ | ᠣᠷᠣᠭᠤᠯᠤᠨ ᠠᠪᠴᠢᠷᠠᠨ᠎ᠠ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠦᠷᠦ ᠶᠢᠨ | ᠪᠤᠳᠤᠯᠭ᠎ᠠ ᠶᠢᠨ ᠴᠢᠨᠠᠷᠲᠠᠢ ᠪᠠ ᠬᠤᠳᠠᠯᠳᠤᠭᠠᠨ ᠤ ᠴᠢᠨᠠᠷᠲᠠᠢ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ᠃ ᠡᠨᠡ | ᠵᠢᠯ ᠤᠨ 6 ᠳ᠋ᠤᠭᠠᠷ ᠰᠠᠷ᠎ᠠ ᠶᠢᠨ ᠡᠬᠢ ᠪᠣᠯᠲᠠᠯ᠎ᠠ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯᠣᠨ | ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠠᠴᠠ ᠬᠤᠲᠠ ᠶᠢᠨ ᠳᠤᠮᠳᠠᠬᠢ ᠲᠣᠰᠬᠤᠨ ᠢ | ᠥᠭᠡᠷᠡᠴᠢᠯᠡᠨ ᠪᠠᠶᠢᠭᠤᠯᠬᠤ ᠲᠤᠰᠬᠠᠶ ᠲᠥᠷᠥᠯ ᠤᠨ ᠵᠢᠭᠡᠯᠡᠯᠭᠡ ᠶᠢ 1800 ᠭᠠᠷᠤᠶ ᠳ᠋ᠦᠩᠰᠢᠭᠤᠷ ᠲᠦᠭᠦᠷᠢᠭ | ᠲᠠᠷᠬᠠᠭᠠᠵᠠᠶ᠃ | ᠳᠠᠩᠰᠠ ᠶᠢ ᠥᠭᠡᠷᠡᠴᠢᠯᠡᠬᠦ ᠳᠤ ᠬᠡᠷᠬᠢᠨ ᠶᠡᠷᠦᠩᠬᠡᠶᠢᠯᠡᠨ ᠲᠡᠩᠴᠡᠭᠦᠷᠢᠲᠡᠶ ᠪᠠᠶᠢᠯᠭᠠᠬᠤ ᠪᠣᠶ︖ ᠲᠤᠰᠬᠠᠶ | ᠮᠡᠷᠭᠡᠵᠢᠯᠲᠡᠨ ᠤ ᠦᠵᠡᠬᠦ ᠪᠠᠷ᠂ ︽ᠨᠡᠮᠡᠬᠦ ᠠᠷᠭ᠎ᠠ︾ ᠶᠢ ᠬᠡᠷᠡᠭᠯᠡᠵᠦ᠂ ᠭᠠᠵᠠᠷ ᠰᠢᠷᠣᠶ ᠶᠢᠨ ᠥᠷᠲᠡᠭ ᠢ ᠨᠠᠩ ᠰᠠᠶᠢᠨ | ᠠᠭᠤᠳᠠᠯᠵᠤ᠂ ᠬᠡᠰᠡᠭ ᠪᠤᠰᠠᠭ ᠭᠠᠵᠠᠷ ᠢ ᠡᠮᠬᠢᠯᠡᠨ ᠨᠡᠶᠢᠯᠡᠭᠦᠯᠵᠦ᠂ ᠨᠠᠩ ᠶᠡᠭᠡ ᠬᠡᠪᠴᠢᠶᠡᠨ ᠤ ᠭᠠᠵᠠᠷ ᠰᠢᠷᠣᠶ ᠶᠢᠨ | ᠥᠷᠲᠡᠭ ᠢ ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠲᠡᠮᠵᠢᠨ᠎ᠡ᠂ ︽ | ᠬᠠᠰᠤᠬᠤ ᠠᠷᠭ᠎ᠠ︾ ᠶᠢ ᠬᠡᠷᠡᠭᠵᠢᠭᠦᠯᠵᠦ᠂ ᠨᠤᠷᠠᠭᠠᠵᠤ ᠨᠡᠭᠦᠯᠭᠡᠬᠦ ᠶᠢᠨ ᠨᠥᠬᠦᠪᠥᠷᠢ ᠥᠭᠬᠦ ᠵᠡᠷᠭᠡ | ᠦᠭᠡᠷᠡᠴᠢᠯᠡᠯᠳᠡ ᠶᠢᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠨᠡᠶᠢᠭᠡᠮ ᠨᠡᠶᠢᠲᠡ ᠳᠤ ᠲᠣᠭᠲᠠᠭᠤᠨ | ᠵᠢᠱᠢᠯᠲᠡ ᠶᠢ ᠪᠣᠶ ᠪᠤᠯᠭᠠᠬᠤ ᠬᠡᠷᠡᠭᠳᠡᠢ᠃ | ᠣᠳᠣᠬᠠᠨ ᠳᠤ᠂ ᠡᠯ᠎ᠡ ᠭᠠᠵᠠᠷ ᠤᠨ ᠬᠢᠨ ᠪᠠᠶᠢᠷᠢᠯᠠᠭᠤᠯᠤᠯᠲᠠ ᠶᠣᠰᠣᠭᠠᠷ ᠬᠤᠲᠠ ᠶᠢᠨ ᠲᠤᠮᠳᠠᠬᠢ ᠲᠣᠰᠬᠤᠨ ᠤ | ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ ᠪᠠᠶᠢᠨ᠎ᠠ᠃ ᠡᠨᠡ ᠵᠢᠯ᠂ ᠱᠠᠩᠬᠠᠢ | ᠬᠤᠲᠠ ᠬᠤᠲᠠ ᠶᠢᠨ ᠲᠤᠮᠳᠠᠬᠢ ᠲᠤᠰᠬᠤᠨ ᠢ ᠥᠭᠡᠷᠡᠴᠢᠯᠡᠬᠦ 15 ᠲᠦᠷᠦᠯ ᠵᠦᠢᠯ ᠢ ᠡᠬᠢᠯᠡᠭᠦᠯᠬᠦ ᠪᠠᠷ ᠵᠢᠱᠢᠵᠦ | ᠪᠠᠶᠢᠨ᠎ᠠ᠂ ᠭᠤᠸᠠᠩᠵᠧᠦ ᠬᠤᠲᠠ ︽ᠭᠤᠸᠠᠩᠵᠧᠦ ᠬᠤᠲᠠ ᠶᠢᠨ ᠲᠤᠮᠳᠠᠬᠢ ᠲᠣᠰᠬᠤᠨ ᠤ ᠥᠭᠡᠷᠡᠴᠢᠯᠡᠯᠲᠡ ᠶᠢᠨ | ᠳᠦᠷᠢᠮ︾ ᠢ ᠨᠡᠶᠢᠳᠡᠯᠡᠵᠦ᠂ ᠬᠤᠲᠠ ᠶᠢᠨ ᠲᠤᠮᠳᠠᠬᠢ ᠲᠤᠰᠬᠤᠨ ᠤ ᠥᠭᠡᠷᠡᠴᠢᠯᠡᠯᠲᠡ ᠶᠢᠨ ᠠᠷᠭ᠎ᠠ ᠮᠠᠶᠢᠭ᠂ | ᠨᠥᠬᠦᠪᠥᠷᠢ ᠥᠭᠴᠦ ᠲᠥᠪᠬᠢᠨᠡᠭᠦᠯᠬᠦ ᠲᠥᠰᠦᠯ ᠵᠡᠷᠭᠡ ᠲᠠᠯ᠎ᠠ ᠪᠠᠷ ᠵᠢᠷᠤᠮᠵᠢᠭᠤᠯᠪᠠ ᠁ ᠣᠳᠣᠬᠠᠨ ᠳᠤ᠂ 750 | ᠭᠠᠷᠤᠢ ᠬᠤᠲᠠ ᠶᠢᠨ ᠲᠤᠮᠳᠠᠬᠢ ᠲᠤᠰᠬᠤᠨ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠨᠢ ᠡᠯ᠎ᠡ ᠶᠡᠭᠡ | ᠬᠤᠳᠠ ᠳᠤ ᠨᠠᠶᠢᠳᠠᠪᠤᠷᠢᠵᠢᠭᠤᠯᠤᠭᠳᠠᠪᠠ᠃ | | ᠢᠷᠡᠯᠲᠡ᠄ ᠠᠷᠠᠳ ᠤᠨ ᠡᠳᠦᠷ ᠤᠨ ᠰᠣᠨᠢᠨ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |