ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠰᠢᠶᠠᠨ ᠤ ᠳᠣᠲᠣᠷᠠᠬᠢ ᠭᠤᠤᠯᠳᠠᠯᠭ᠎ᠠ ᠲᠠᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠲᠥᠷᠥᠯ ᠵᠦᠢᠯ ᠤᠨ ᠨᠢᠭᠡᠴᠡ ᠶᠢᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/7/22
      ᠥᠷᠭᠡᠨ ᠣᠯᠠᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠠᠮᠤᠷ ᠲᠦᠪᠰᠢᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠠᠷᠠᠰᠢᠬᠤ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 16 ᠤ ᠡᠳᠦᠷ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠰᠢᠶᠠᠨ ᠤ ᠳᠣᠲᠣᠷ᠎ᠠ ᠭᠤᠤᠯᠳᠠᠯᠭ᠎ᠠ ᠲᠠᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠲᠥᠷᠥᠯ ᠵᠦᠢᠯ ᠤᠨ ᠨᠢᠭᠡᠴᠡ ᠳᠤ ᠭᠦᠨᠵᠡᠭᠡᠶᠢᠷᠡᠨ 2024 ᠣᠨ ᠤ ︽ᠨᠠᠷᠠᠰᠢᠬᠤ ᠠᠴᠠ ᠰᠡᠷᠭᠡᠶᠢᠯᠡᠵᠦ ᠠᠮᠤᠷ ᠲᠦᠪᠰᠢᠨ ᠢ ᠬᠠᠮᠠᠭᠠᠯᠠᠬᠤ︾ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠴᠠᠭ ᠲᠤᠬᠠᠶ ᠳᠤᠨᠢ ᠬᠡᠷ ᠤᠨ ᠭᠠᠳᠠᠨᠠᠬᠢ ᠥᠨᠳᠥᠷ ᠳᠤᠯᠠᠭᠠᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠰᠡᠳᠬᠢᠯ ᠳᠤ ᠬᠦᠷᠭᠡᠪᠡ᠃
   ᠲᠣᠬᠤᠨᠢᠭᠤᠯᠬᠤ ᠳᠤᠭᠤᠶᠢᠯᠠᠩ ᠤᠨ ᠬᠢᠨ ᠤᠷᠢᠳ ᠬᠤᠵᠢᠳ  ᠵᠦᠩ ᠴᠤᠸᠠᠨ ᠲᠧ ᠴᠢ ᠪᠠᠷᠢᠯᠭ᠎ᠠ ᠶᠢᠨ ᠭᠠᠵᠠᠷ᠂ ᠴᠤᠤ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠦᠷᠲᠡᠭᠡ ᠵᠡᠷᠭᠡ ᠭᠠᠵᠠᠷ ᠲᠤ ᠬᠦᠷᠴᠦ᠂ ᠥᠨᠳᠥᠷ ᠳᠤᠯᠠᠭᠠᠨ ᠳᠤ ᠠᠵᠢᠯᠯᠠᠬᠤ ᠲᠠᠯᠠᠪᠤᠷ ᠤᠨ ᠨᠢᠭᠡᠳᠦᠭᠡᠷ ᠹᠷᠣᠨᠲ ᠤᠨ ᠠᠵᠢᠯᠴᠢᠨ ᠢ ᠲᠣᠬᠤᠨᠢᠭᠤᠯᠵᠤ᠂ ᠲᠡᠳᠡᠨ ᠳᠤ ︽ᠬᠠᠯᠠᠭᠤᠨ ᠠᠴᠠ ᠰᠡᠷᠭᠡᠶᠢᠯᠡᠬᠦ︾ ᠡᠳ᠋ ᠪᠣᠳᠠᠰ ᠬᠦᠷᠭᠡᠵᠦ᠂ ᠲᠡᠳᠡᠨ ᠤ ᠲᠣᠭᠲᠠᠬᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠰᠢᠷᠭᠠᠭᠤ ᠴᠢᠷᠮᠠᠶᠢᠯᠭ᠎ᠠ ᠭᠠᠷᠭᠠᠭᠰᠠᠨ ᠳᠤ ᠲᠠᠯᠠᠷᠬᠠᠬᠤ ᠶᠢᠨ ᠬᠠᠮᠲᠤ ᠲᠠᠷᠪᠤᠰ᠂ ᠬᠠᠯᠠᠭᠤᠨ ᠠᠴᠠ ᠰᠡᠷᠭᠡᠶᠢᠯᠡᠬᠦ ᠤᠮᠳᠠᠭᠠᠨ ᠵᠡᠷᠭᠡ ᠲᠣᠬᠤᠨᠢᠭᠤᠯᠬᠤ ᠡᠳ᠋ ᠪᠣᠳᠠᠰ ᠲᠠᠷᠬᠠᠭᠠᠬᠤ ᠶᠢᠨ ᠬᠠᠮᠲᠤ ᠠᠵᠢᠯᠲᠠᠨ ᠠᠵᠢᠯᠴᠢᠨ ᠳᠤ ᠥᠨᠳᠥᠷ ᠳᠤᠯᠠᠭᠠᠨ ᠳᠤ ᠬᠠᠯᠠᠭᠤᠨ ᠠᠴᠠ ᠰᠡᠷᠭᠡᠶᠢᠯᠡᠬᠦ ᠵᠢᠴᠢ ᠠᠵᠢᠯ ᠤᠨ ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ ᠵᠠᠬᠢᠪᠠ᠃
     ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ
     ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠦᠷᠲᠡᠭᠡ
     ᠴᠤᠤ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ    ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠰᠡᠷᠢᠭᠦᠨ ᠡᠳ᠋ ᠪᠣᠳᠠᠰ ᠬᠦᠷᠭᠡᠬᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠦᠷᠭᠡᠬᠦ ᠵᠡᠷᠭᠡ ᠤᠯᠠᠨ ᠵᠦᠢᠯ ᠤᠨ ᠬᠡᠯᠪᠡᠷᠢ ᠶᠢᠨ ︽ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ︾ ᠲᠣᠬᠤᠨᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠤᠯᠠᠨ ᠠᠵᠢᠯᠳᠠᠨ ᠠᠵᠢᠯᠴᠢᠨ ᠲᠦᠮᠡᠨ ᠤ ᠬᠥᠳᠡᠯᠮᠦᠷᠢ ᠶᠢᠨ ᠠᠮᠤᠷ ᠲᠦᠪᠰᠢᠨ ᠪᠣᠯᠤᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠥᠷᠭᠡᠨ ᠤᠯᠠᠨ ᠠᠵᠢᠯᠳᠠᠨ ᠠᠵᠢᠯᠴᠢᠨ ᠢ ᠠᠮᠤᠷ ᠲᠦᠪᠰᠢᠨ᠂ ᠡᠷᠡᠭᠦᠯ ᠮᠡᠨᠳᠤ᠂  ᠵᠤᠨ ᠤ ᠤᠯᠠᠷᠢᠯ ᠢ ᠥᠩᠭᠡᠷᠡᠭᠦᠯᠬᠦ ᠳᠤ ᠬᠦᠴᠦᠨ ᠨᠡᠮᠡᠷᠢᠯᠡᠨ᠎ᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1