ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠᠭᠠᠢ ᠢᠳᠡᠭᠡᠨ ᠵᠢᠴᠢ ᠡᠷᠡᠭᠦᠯᠵᠢᠯ ᠤᠨ ᠢᠳᠡᠭᠡᠨ ᠳᠤ ᠲᠤᠰᠬᠠᠢ ᠬᠢᠨᠠᠯᠲᠠ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/7/22
      ᠣᠨᠴᠠᠭᠠᠢ ᠢᠳᠡᠭᠡᠨ ᠵᠢᠴᠢ ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠵᠡᠩᠨᠡᠯᠲᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 19 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠᠭᠠᠢ ᠢᠳᠡᠭᠡᠨ ᠵᠢᠴᠢ ᠡᠷᠡᠭᠦᠯᠵᠢᠯ ᠤᠨ ᠢᠳᠡᠭᠡᠨ ᠳᠤ ᠲᠤᠰᠬᠠᠢ ᠬᠢᠨᠠᠯᠲᠠ ᠪᠠᠶᠢᠴᠠᠭᠠᠯᠲᠠ ᠥᠷᠨᠢᠭᠦᠯᠪᠡ᠃
     ᠲᠣᠰ ᠤᠳᠠᠭᠠᠨ ᠤ ᠪᠠᠶᠢᠴᠠᠭᠠᠯᠲᠠ ᠨᠢ ᠬᠤᠳᠠᠯᠳᠤᠭᠠᠨ ᠤ ᠬᠡᠲᠦ ᠳᠡᠯᠭᠡᠭᠦᠷ᠂ ᠡᠬᠡ ᠨᠢᠯᠬᠠᠰ ᠤᠨ ᠳᠡᠯᠭᠡᠭᠦᠷ ᠵᠡᠷᠭᠡ ᠡᠵᠡᠩᠨᠡᠯᠲᠡ ᠶᠢᠨ ᠨᠢᠭᠡᠴᠡ ᠪᠠᠷ ᠭᠤᠤᠯᠳᠠᠯᠭ᠎ᠠ ᠲᠠᠢ ᠡᠲᠡᠭᠡᠳ ᠢᠶᠠᠨ ᠪᠣᠯᠭᠠᠵᠤ᠂ ︽ᠨᠢᠭᠡ ᠶᠢ ᠦᠵᠡᠵᠦ ᠬᠤᠶᠠᠷ ᠢ ᠪᠠᠶᠢᠴᠠᠭᠠᠵᠤ ᠭᠤᠷᠪᠠ ᠶᠢ ᠵᠢᠷᠤᠮᠵᠢᠭᠤᠯᠤᠨ ᠳᠥᠷᠪᠡ ᠶᠢ ᠨᠠᠶᠢᠳᠠᠪᠤᠷᠢᠵᠢᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠨ᠎ᠠ᠃ ᠨᠢᠭᠡ᠂ ᠬᠤᠯᠪᠣᠭᠳᠠᠯ ᠪᠥᠬᠦᠶ ᠬᠢᠷᠢ ᠭᠡᠮ ᠨᠢ ᠦᠨᠡᠨ ᠪᠣᠳᠠᠲᠠᠢ ᠬᠦᠴᠦᠨ ᠲᠠᠢ ᠡᠰᠡᠬᠦ᠃ ᠡᠷᠡᠭᠦᠯᠵᠢᠯ ᠤᠨ ᠢᠳᠡᠭᠡᠨ᠂ ᠣᠨᠴᠠ ᠡᠮᠴᠢᠯᠡᠭᠡᠨ ᠤ ᠢᠳᠡᠭᠡᠨ ᠵᠡᠷᠭᠡ ᠶᠢ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠡᠰᠡᠬᠦ᠃ ᠬᠤᠶᠠᠷ ᠲᠤ᠂ ᠣᠨᠴᠠᠭᠠᠶ ᠢᠳᠡᠭᠡᠨ ᠤ ᠲᠤᠰᠬᠠᠶ ᠣᠷᠣᠨ ︵ᠲᠤᠰᠬᠠᠶ ᠯᠠᠩᠭᠦᠶ︶ ᠤ ᠪᠣᠷᠣᠯᠠᠭᠤᠯᠬᠤ ᠶᠢᠨ ᠬᠠᠮᠲᠤ ︽ᠡᠷᠡᠭᠦᠯᠵᠢᠯ ᠤᠨ ᠢᠳᠡᠭᠡᠨ ᠨᠢ ᠡᠮ ᠪᠢᠰᠢ᠂ ᠡᠮ ᠢᠶᠠᠷ ᠡᠮᠨᠡᠨ ᠵᠠᠰᠠᠬᠤ ᠶᠢ ᠣᠷᠣᠯᠠᠵᠤ ᠳᠡᠶᠢᠯᠬᠦ ᠥᠬᠡᠶ︾ ᠵᠡᠷᠭᠡ ᠠᠭᠤᠯᠭ᠎ᠠ ᠶᠢ ᠲᠣᠳᠣᠷᠬᠠᠶ ᠲᠣᠳᠣᠷᠬᠠᠶᠢᠯᠠᠪᠠ︔ ᠲᠡᠮᠳᠡᠭ ᠪᠤᠶᠤ ᠲᠣᠳᠣᠷᠬᠠᠶᠢᠯᠠᠯᠲᠠ ᠶᠢᠨ ᠪᠢᠴᠢᠭ ᠲᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠤᠶᠤ ᠡᠮᠨᠡᠨ ᠵᠠᠰᠠᠬᠤ ᠴᠢᠳᠠᠮᠵᠢ ᠲᠠᠢ ᠪᠠᠶᠢᠬᠤ ᠡᠰᠡᠬᠦ︔ ᠡᠩ ᠤᠨ ᠢᠳᠡᠭᠡᠨ ᠵᠡᠷᠭᠡ ᠪᠤᠰᠤᠳ ᠢᠳᠡᠭᠡᠨ ᠲᠠᠢ ᠬᠤᠯᠢᠯᠳᠤᠭᠰᠠᠨ ᠡᠰᠡᠬᠦ︔ ᠭᠡᠷᠡᠴᠢ᠂ ᠲᠣᠳᠣᠷᠬᠠᠶᠢᠯᠠᠯᠲᠠ ᠶᠢᠨ ᠪᠢᠴᠢᠭ ᠬᠢᠭᠡᠳ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠠᠭᠤᠯᠭ᠎ᠠ ᠨᠢ ᠨᠢᠭᠡᠳᠦᠯᠲᠡᠶ ᠪᠠᠶᠢᠬᠤ ᠡᠰᠡᠬᠦ︔ ᠬᠤᠳᠠᠯ ᠬᠠᠭᠤᠷᠮᠠᠭ ᠤᠬᠠᠭᠤᠯᠭ᠎ᠠ ᠬᠢᠭᠰᠡᠨ ᠡᠰᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ᠂ ᠢᠷᠡᠯᠲᠡ ᠨᠢ ᠲᠣᠳᠣᠷᠬᠠᠶ ᠦᠭᠡᠢ ᠪᠤᠶᠤ ᠬᠠᠭᠤᠷᠮᠠᠭ ᠮᠠᠭᠤ ᠣᠨᠴᠠᠭᠠᠶ ᠢᠳᠡᠭᠡᠨ ᠪᠣᠷᠣᠯᠠᠭᠤᠯᠤᠭᠰᠠᠨ ᠡᠰᠡᠬᠦ᠃ ᠭᠤᠷᠪᠠ ᠳᠤ᠂ ᠣᠨᠴᠠᠭᠠᠶ ᠢᠳᠡᠭᠡᠨ ᠤ ᠪᠣᠷᠣᠯᠠᠭᠤᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠣᠨᠴᠠᠭᠠᠶ ᠢᠳᠡᠭᠡᠨ ᠤ ᠬᠡᠷᠡᠭᠯᠡᠭᠡᠨ ᠤ ᠰᠠᠨᠠᠭᠤᠯᠤᠮᠵᠢ ᠶᠢᠨ ᠲᠦᠷᠢᠮ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠬᠤᠳᠠᠯᠳᠤᠨ ᠠᠪᠴᠤ ᠪᠣᠷᠣᠯᠠᠭᠤᠯᠬᠤ ᠡᠬᠡ ᠲᠠᠩᠰᠠ ᠵᠡᠷᠭᠡ ᠲᠦᠷᠢᠮ ᠢ ᠵᠢᠷᠤᠮᠵᠢᠭᠤᠯᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠪᠡ ᠳᠤ᠂ ᠣᠨᠴᠠᠭᠠᠢ ᠢᠳᠡᠭᠡᠨ ᠤ ᠡᠵᠡᠩᠨᠡᠯᠲᠡ ᠶᠢᠨ ᠡᠷᠦᠬᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠣᠨᠴᠠᠭᠠᠢ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠢᠳᠡᠭᠡᠨ ᠤ ᠡᠵᠡᠩᠨᠡᠯᠲᠡ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠥᠷᠭᠡᠨ ᠤᠯᠠᠨ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃
     ᠲᠣᠰ ᠤᠳᠠᠭᠠᠨ ᠤ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 12 ᠬᠥᠮᠦᠨ ᠤᠳᠠᠭ᠎ᠠ ᠬᠥᠳᠡᠯᠭᠡᠵᠦ᠂ ᠡᠵᠡᠩᠨᠡᠯᠲᠡ ᠶᠢᠨ ᠭᠤᠤᠯ ᠴᠣᠭᠴᠠ ᠶᠢ 4 ᠡᠷᠦᠬᠡ ᠤᠳᠠᠭ᠎ᠠ ᠪᠠᠶᠢᠴᠠᠭᠠᠵᠤ᠂ ᠡᠷᠡᠭᠦᠯᠵᠢᠯ ᠤᠨ ᠢᠳᠡᠭᠡᠨ ᠤ ᠲᠤᠰᠬᠠᠶ ᠲᠣᠭᠤᠷᠢᠭ ᠭᠠᠷᠭᠠᠭᠰᠠᠨ ᠥᠬᠡᠶ᠂ ᠡᠩ ᠤᠨ ᠢᠳᠡᠭᠡᠨ ᠲᠠᠢ ᠬᠤᠯᠢᠯᠳᠤᠭᠤᠯᠤᠨ ᠪᠣᠷᠣᠯᠠᠭᠤᠯᠬᠤ ᠠᠰᠠᠭᠤᠳᠠᠯ 2 ᠵᠦᠢᠯ ᠪᠠᠶᠢᠬᠤ ᠶᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠴᠥᠮ ᠪᠦᠬᠦᠨ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃    ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠣᠨᠴᠠᠭᠠᠶ ᠢᠳᠡᠭᠡᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠡᠳᠦᠷ ᠲᠤᠲᠤᠮ ᠤᠨ ᠪᠠᠶᠢᠴᠠᠭᠠᠯᠲᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠴᠠᠭᠠᠶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠨᠢᠭᠡ ᠨᠠᠰᠤᠲᠠᠨ ᠨᠢᠭᠡ ᠪᠠᠭ᠎ᠠ︾ ᠵᠢᠴᠢ ᠡᠪᠡᠳᠴᠢᠲᠡᠨ ᠤ ᠣᠨᠴᠠᠭᠠᠶ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠰᠠᠬᠢᠨ ᠬᠠᠮᠠᠭᠠᠯᠠᠨ᠎ᠠ᠃  ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1