︽ᠭᠤᠸᠠ ᠵᠢᠮᠢᠰ ᠤᠨ ᠭᠠᠵᠠᠷ ᠤᠨ ᠵᠢᠷᠤᠭ︾ ᠨᠢ ᠬᠤᠳᠠ ᠶᠢᠨ ᠠᠷᠠᠳ ᠲᠤ ᠳᠣᠲᠣᠨᠣ ᠪᠥᠭᠡᠳ ᠳᠥᠭᠦᠮ ᠨᠦᠬᠦᠴᠡᠯ ᠢ ᠬᠠᠩᠭᠠᠵᠠᠢ
ᠨᠡᠶᠢᠲᠡᠯᠡᠭᠰᠡᠨ ᠴᠠᠭ᠄
2024/7/22
      ᠵᠤᠨ ᠤ ᠤᠯᠠᠷᠢᠯ ᠪᠤᠯᠬᠤ ᠳᠤ᠂ ᠲᠠᠷᠢᠶᠠᠴᠢᠳ ᠤᠨ ᠬᠤᠲᠠ ᠳᠤ ᠣᠷᠣᠵᠤ ᠭᠤᠸᠠ ᠵᠢᠮᠢᠰ ᠪᠣᠷᠣᠯᠠᠭᠤᠯᠬᠤ᠂ ᠬᠤᠲᠠ ᠶᠢᠨ ᠠᠷᠠᠳ ᠤᠨ ᠣᠶᠢᠷ᠎ᠠ ᠬᠠᠪᠢ ᠳᠠᠭᠠᠨ ᠭᠤᠸᠠ ᠵᠢᠮᠢᠰ ᠬᠤᠳᠠᠯᠳᠤᠨ ᠠᠪᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠵᠠᠷᠢᠮ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠨ ᠤ ᠤᠯᠠᠷᠢᠯ ᠤᠨ ︽ᠭᠤᠸᠠ ᠵᠢᠮᠢᠰ ᠤᠨ ᠭᠠᠵᠠᠷ ᠤᠨ ᠵᠢᠷᠤᠭ︾ ᠢ ᠬᠡᠷᠡᠭᠵᠢᠭᠦᠯᠵᠡᠢ᠂ ᠬᠤᠳᠠ ᠶᠢᠨ ᠠᠷᠠᠳ ᠡᠯᠧᠺᠲᠷᠣᠨ ᠭᠠᠵᠠᠷ ᠤᠨ ᠵᠢᠷᠤᠭ ᠢ ᠨᠡᠭᠡᠭᠡᠪᠡᠯ ᠳᠠᠷᠤᠶ ᠣᠶᠢᠷ᠎ᠠ ᠬᠠᠪᠢ ᠶᠢᠨ ᠭᠤᠸᠠ ᠵᠢᠮᠢᠰ ᠤᠨ ᠠᠷᠠᠳ ᠲᠤ ᠲᠥᠬᠦᠮ ᠦᠵᠡᠭᠦᠯᠬᠦ ᠰᠢᠭᠤᠳ ᠪᠣᠷᠣᠯᠠᠭᠤᠯᠬᠤ ᠴᠡᠭ ᠢ ᠡᠷᠢᠨ ᠣᠯᠵᠤ ᠪᠤᠯᠤᠨ᠎ᠠ᠃      ᠭᠤᠸᠠ ᠵᠢᠮᠢᠰ ᠢ ᠵᠠᠬ᠎ᠠ ᠳᠡᠯᠭᠡᠭᠦᠷ ᠲᠤ ᠭᠠᠷᠭᠠᠬᠤ ᠤᠯᠠᠷᠢᠯ ᠪᠣᠯᠬᠤ ᠪᠦᠷᠢ᠂ ᠲᠠᠷᠢᠶᠠᠴᠢᠳ ᠤᠨ ᠪᠣᠷᠣᠯᠠᠭᠤᠯᠭ᠎ᠠ ᠪᠣᠯᠤᠨ ᠬᠤᠳᠠ ᠶᠢᠨ ᠠᠷᠠᠳ ᠤᠨ ᠬᠤᠳᠠᠯᠳᠤᠨ ᠠᠪᠬᠤ ᠬᠡᠷᠡᠭᠴᠡᠭᠡ ᠶᠢᠨ ᠬᠤᠭᠤᠷᠤᠨᠳᠤᠬᠢ ᠵᠣᠯᠭᠠᠯᠴᠠᠭ᠎ᠠ ᠰᠠᠭᠠᠳ ᠲᠠᠢ ᠠᠰᠠᠭᠤᠳᠠᠯ ᠭᠠᠷᠤᠨ᠎ᠠ᠃ ᠨᠢᠭᠡ ᠲᠠᠯ᠎ᠠ ᠪᠠᠷ᠂ ᠲᠠᠷᠢᠶᠠᠴᠢᠳ ᠠᠮᠢᠳᠤᠷᠠᠬᠤ ᠶᠢᠨ ᠲᠥᠯᠥᠭᠡ᠂ ᠲᠣᠬᠢᠷᠠᠮᠵᠢᠲᠠᠶ ᠪᠣᠷᠣᠯᠠᠭᠤᠯᠬᠤ ᠭᠠᠵᠠᠷ ᠢ ᠡᠷᠢᠬᠦ ᠴᠢᠬᠤᠯᠠᠲᠠᠢ︔ ᠨᠥᠭᠦᠭᠡ ᠲᠠᠯ᠎ᠠ ᠪᠠᠷ᠂ ᠬᠤᠲᠠ ᠶᠢᠨ ᠠᠷᠠᠳ ᠭᠤᠸᠠ ᠵᠢᠮᠢᠰ ᠬᠤᠳᠠᠯᠳᠤᠨ ᠠᠪᠬᠤ ᠳᠤ ᠲᠦᠷᠭᠡᠨ ᠪᠥᠭᠡᠳ ᠳᠥᠭᠦᠮ ᠳᠥᠲᠡ᠂ ᠲᠥᠪᠯᠡᠷᠡᠭᠦᠯᠦᠨ ᠬᠤᠳᠠᠯᠳᠤᠨ ᠠᠪᠬᠤ ᠲᠠᠯᠠᠪᠤᠷ ᠢ ᠤᠯᠬᠤ ᠶᠢ ᠬᠦᠰᠡᠨ᠎ᠡ᠃      ᠵᠣᠬᠢᠶᠠᠭᠴᠢ ᠶᠢᠨ ᠦᠵᠡᠬᠦ ᠪᠠᠷ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠭᠰᠠᠨ ︽ᠭᠤᠸᠠ ᠵᠢᠮᠢᠰ ᠤᠨ ᠭᠠᠵᠠᠷ ᠤᠨ ᠵᠢᠷᠤᠭ︾ ᠨᠢ ᠡᠨᠡ ᠬᠦ ᠠᠰᠠᠭᠤᠳᠠᠯ ᠢ ᠤᠷᠠᠨ ᠢᠶᠠᠷ ᠰᠢᠢᠳᠪᠦᠷᠢᠯᠡᠵᠦ᠂ ᠬᠤᠲᠠ ᠶᠢᠨ ᠠᠷᠠᠳ ᠲᠤ ᠦᠨᠡᠨ ᠪᠣᠳᠠᠲᠠᠶ ᠲᠥᠬᠦᠮ ᠦᠵᠡᠭᠦᠯᠦᠭᠰᠡᠨ ᠪᠥᠭᠡᠳ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠲᠠ ᠶᠢᠨ ᠠᠷᠠᠳ ᠲᠤ ᠦᠢᠯᠡᠴᠢᠯᠡᠬᠦ᠂ ᠬᠤᠳᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠲᠠᠯ᠎ᠠ ᠪᠠᠷ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠭᠰᠠᠨ ᠢ ᠢᠯᠡᠷᠡᠭᠦᠯᠦᠭᠰᠡᠨ ᠪᠠᠶᠢᠨ᠎ᠠ᠃      ᠡᠩ ᠲᠡᠷᠢᠭᠦᠨ ᠳᠤ᠂ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠪᠡ᠃ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠷ ᠳᠠᠮᠵᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠸᠠ ᠵᠢᠮᠢᠰ ᠤᠨ ᠪᠣᠷᠣᠯᠠᠭᠤᠯᠭ᠎ᠠ ᠶᠢᠨ ᠣᠷᠣᠨ ᠪᠦᠰᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠲᠠᠷᠢᠶᠠᠴᠢᠳ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠪᠣᠷᠣᠯᠠᠭᠤᠯᠵᠤ᠂ ᠲᠠᠷᠢᠶᠠᠴᠢᠳ ᠲᠤ ᠲᠣᠭᠲᠠᠭᠤᠨ᠂ ᠬᠠᠤᠯᠢ ᠶᠣᠰᠣᠨ ᠤ ᠪᠣᠷᠣᠯᠠᠭᠤᠯᠭ᠎ᠠ ᠶᠢᠨ ᠲᠠᠯᠠᠪᠤᠷ ᠬᠠᠩᠭᠠᠵᠤ᠂ ᠲᠡᠳᠡᠨ ᠤ ᠬᠤᠶᠢᠰᠢᠳᠠ ᠶᠢᠨ ᠵᠣᠪᠠᠨᠢᠯ ᠢ ᠰᠢᠢᠳᠪᠤᠷᠢᠯᠡᠭᠰᠡᠨ ᠪᠥᠭᠡᠳ ᠬᠤᠲᠠ ᠶᠢᠨ ᠠᠷᠠᠳ ᠲᠤ ᠨᠠᠩ ᠲᠥᠬᠦᠮ ᠰᠢᠨ᠎ᠡ ᠰᠣᠷᠭᠤᠭ ᠭᠤᠸᠠ ᠵᠢᠮᠢᠰ ᠬᠤᠳᠠᠯᠳᠤᠨ ᠠᠪᠬᠤ ᠳᠤ ᠲᠦᠭᠦᠮ ᠦᠵᠡᠭᠦᠯᠵᠡᠢ᠃      ᠳᠠᠷᠠᠭᠠᠯᠠᠪᠠᠯ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠷᠡᠭᠦᠯᠪᠡ᠃ ︽ᠭᠤᠸᠠ ᠵᠢᠮᠢᠰ ᠤᠨ ᠭᠠᠵᠠᠷ ᠤᠨ ᠵᠢᠷᠤᠭ︾ ᠢ ᠵᠢᠷᠤᠬᠤ ᠶᠠᠪᠤᠴᠠ ᠳᠤ᠂ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠳᠠ ᠶᠢᠨ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ᠂ ᠬᠥᠮᠦᠨ ᠠᠮᠠ ᠶᠢᠨ ᠨᠢᠭᠲᠠᠴᠠ᠂ ᠵᠠᠬ᠎ᠠ ᠳᠡᠯᠭᠡᠭᠦᠷ ᠤᠨ ᠬᠡᠷᠡᠭᠴᠡᠭᠡ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠭᠤᠸᠠ ᠵᠢᠮᠢᠰ ᠤᠨ ᠪᠣᠷᠣᠯᠠᠭᠤᠯᠭ᠎ᠠ ᠶᠢᠨ ᠣᠷᠣᠨ ᠪᠦᠰᠡ ᠶᠢᠨ ᠲᠤᠬᠢᠷᠠᠭᠤᠯᠤᠯᠳᠠ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠡᠲᠡᠭᠡᠷ ᠣᠷᠣᠨ ᠪᠦᠰᠡ ᠶᠢᠨ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂  ᠴᠡᠪᠡᠷᠯᠡᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠬᠤᠲᠠ ᠶᠢᠨ ᠠᠷᠠᠳ ᠪᠠ ᠲᠠᠷᠢᠶᠠᠴᠢᠳ ᠲᠤ ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠠᠮᠤᠷ ᠲᠦᠪᠰᠢᠨ ᠠᠷᠠᠯᠵᠢᠶᠠᠨ ᠤ ᠣᠷᠴᠢᠨ ᠲᠣᠭᠤᠷᠢᠨ ᠢ ᠡᠭᠦᠳᠴᠦ ᠥᠭᠴᠡᠶ᠃      ︽ᠭᠤᠸᠠ ᠵᠢᠮᠢᠰ ᠤᠨ ᠭᠠᠵᠠᠷ ᠤᠨ ᠵᠢᠷᠤᠭ︾ ᠬᠡᠳᠦ᠋ᠢᠪᠡᠷ ᠪᠠᠭ᠎ᠠ ᠪᠣᠯᠪᠠᠴᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠭᠡ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠲᠡᠷᠡ ᠨᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠠᠷᠠᠳ ᠲᠦᠮᠡᠨ ᠢᠶᠠᠷ ᠭᠤᠣᠯ ᠪᠣᠯᠭᠠᠬᠤ᠂ ᠬᠤᠲᠠ ᠶᠢᠨ ᠠᠷᠠᠳ ᠲᠤ ᠦᠢᠯᠡᠴᠢᠯᠡᠬᠦ ᠦᠵᠡᠯᠲᠡ ᠶᠢ ᠳᠠᠮᠵᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠳᠤᠯᠠᠭᠠᠨ ᠤ ᠬᠡᠮᠵᠢᠶ᠎ᠡ ᠪᠣᠯᠤᠨ ᠣᠶᠤᠨ ᠤᠬᠠᠭᠠᠨ ᠢ ᠬᠠᠷᠠᠭᠤᠯᠵᠠᠢ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠭᠤᠸᠠ ᠵᠢᠮᠢᠰ ᠤᠨ ᠭᠠᠵᠠᠷ ᠤᠨ ᠵᠢᠷᠤᠭ︾ ᠮᠡᠲᠦ ᠶᠢᠨ ᠨᠡᠩ ᠣᠯᠠᠨ ᠳᠣᠲᠣᠨᠣ ᠠᠷᠭ᠎ᠠ ᠬᠡᠮᠵᠢᠶ᠎ᠡ ᠠᠪᠴᠦ᠂ ᠬᠤᠲᠠ ᠶᠢ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ ᠪᠣᠯᠭᠠᠵᠤ᠂ ᠬᠤᠲᠠ ᠶᠢᠨ ᠠᠷᠠᠳ ᠤᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ ᠶᠢ ᠬᠦᠰᠡᠵᠦ ᠪᠠᠶᠢᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1