ᠰᠣᠶᠣᠯ ᠤᠨ ᠬᠤᠩᠭᠢᠯ ᠤᠨ ᠪᠦᠲᠦᠭᠡᠨ ᠪᠠᠶᠢᠭᠤᠯᠤᠯᠳᠠ ᠳᠤ ᠰᠢᠨ᠎ᠡ ᠶᠢ ᠡᠭᠦᠳᠬᠦ ᠳᠤ ᠬᠦᠴᠦ ᠲᠠᠯᠪᠢᠬᠤ ᠬᠡᠷᠡᠭᠲᠡᠢ
ᠨᠡᠶᠢᠲᠡᠯᠡᠭᠰᠡᠨ ᠴᠠᠭ᠄
2024/7/22
      ᠨᠡᠶᠢᠭᠡᠮ ᠲᠣᠭᠤᠷᠢᠭ ᠤᠨ ᠵᠠᠰᠠᠯᠲᠠ ᠳᠤᠮᠳᠠ᠂ ᠰᠣᠶᠣᠯ ᠤᠨ ᠬᠤᠩᠭᠢᠯ ᠨᠢ ᠰᠠᠭᠤᠭᠠᠯᠢ ᠠᠷᠠᠳ ᠪᠣᠯᠤᠨ ᠨᠡᠶᠢᠭᠡᠮ ᠲᠣᠭᠤᠷᠢᠭ ᠤᠨ ᠬᠤᠯᠪᠣᠭᠠᠰᠤ ᠪᠣᠯᠤᠭᠰᠠᠨ ᠤ ᠬᠤᠪᠢ ᠳᠤ᠂ ᠶᠠᠭ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ᠂ ᠰᠣᠶᠣᠯ ᠮᠡᠳᠡᠯᠭᠡ ᠶᠢ ᠤᠯᠠᠮᠵᠢᠯᠠᠬᠤ ᠴᠤᠩᠬᠤᠪᠴᠢ ᠪᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠨᠡᠶᠢᠭᠡᠮ ᠲᠣᠭᠤᠷᠢᠭ ᠤᠨ ᠬᠦᠴᠦᠨ ᠢ ᠨᠢᠭᠲᠠᠷᠠᠭᠤᠯᠬᠤ᠂ ᠰᠠᠭᠤᠭᠠᠯᠢ ᠠᠷᠠᠳ ᠤᠨ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠬᠦ ᠪᠦᠲᠦᠮᠵᠢᠲᠡᠶ ᠠᠴᠢᠶᠠᠯᠠᠪᠤᠷᠢ ᠪᠣᠯᠤᠨ᠎ᠠ᠃ ᠵᠣᠬᠢᠶᠠᠭᠴᠢ ᠶᠢᠨ ᠦᠵᠡᠬᠦ ᠪᠠᠷ᠂ ᠨᠡᠶᠢᠭᠡᠮ ᠲᠣᠭᠤᠷᠢᠭ ᠤᠨ ᠰᠣᠶᠣᠯ ᠤᠨ ᠬᠤᠩᠭᠢᠯ ᠤᠨ ᠲᠠᠲᠠᠬᠤ ᠬᠦᠴᠦᠨ ᠢ ᠦᠷᠭᠦᠯᠵᠢᠯᠡᠨ ᠪᠠᠲᠤᠯᠠᠬᠤ ᠶᠢᠨ ᠵᠠᠩᠭᠢᠯᠠᠭ᠎ᠠ ᠨᠢ ᠰᠢᠨ᠎ᠡ ᠶᠢ ᠡᠭᠦᠳᠬᠦ ᠳᠤ ᠪᠣᠶ᠃      ᠠᠭᠤᠯᠭ᠎ᠠ ᠶᠢᠨ ᠰᠢᠨ᠎ᠡ ᠶᠢ ᠡᠭᠦᠳᠬᠦ ᠲᠠᠯ᠎ᠠ ᠪᠠᠷ᠂ ᠨᠡᠶᠢᠭᠡᠮ ᠲᠣᠭᠤᠷᠢᠭ ᠤᠨ ᠲᠡᠦᠬᠡ ᠶᠢᠨ ᠤᠯᠠᠷᠢᠯ ᠬᠤᠪᠢᠰᠤᠯ᠂ ᠠᠷᠠᠳ ᠤᠨ ᠵᠠᠩ ᠦᠢᠯᠡ᠂ ᠬᠥᠷᠰᠢ ᠵᠡᠷᠭᠡᠯᠡᠳᠡᠭᠡ ᠶᠢᠨ ᠦᠯᠢᠭᠡᠷ ᠵᠡᠷᠭᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠥᠪᠡᠷᠮᠢᠴᠡ ᠬᠠᠷᠠᠭᠠᠰᠤ ᠪᠠ ᠰᠢᠨ᠎ᠡ ᠶᠢ ᠡᠭᠦᠳᠬᠦ ᠢᠯᠡᠳᠬᠡᠬᠦ ᠠᠷᠭ᠎ᠠ ᠮᠠᠶ᠋ᠢᠭ ᠢᠶᠠᠷ ᠡᠳᠡᠭᠡᠷ ᠰᠣᠶᠣᠯ ᠤᠨ ᠡᠬᠢ ᠪᠠᠶᠠᠯᠢᠭ ᠢ ᠰᠠᠭᠤᠭᠠᠯᠢ ᠠᠷᠠᠳ ᠪᠠ ᠵᠤᠭᠠᠴᠠᠭᠰᠠᠳ ᠲᠤ ᠮᠡᠳᠡᠷᠡᠭᠦᠯᠦᠨ᠎ᠡ︔ ᠴᠠᠭ ᠦᠶ᠎ᠡ ᠶᠢᠨ ᠰᠤᠳᠠᠰᠤ ᠶᠢ ᠰᠠᠯᠤᠯ ᠦᠭᠡᠢ ᠳᠠᠭᠠᠵᠤ᠂ ᠣᠳᠣᠬᠠᠨ ᠤ ᠨᠡᠶᠢᠭᠡᠮ ᠤᠨ ᠬᠠᠯᠠᠭᠤᠨ ᠴᠡᠭ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠵᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠣᠶᠣᠯ ᠤᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠷᠠᠳ ᠤᠨ ᠰᠡᠳᠬᠢᠯ ᠳᠤ ᠣᠶᠢᠷᠠᠲᠤᠭᠤᠯᠬᠤ ᠶᠢ ᠦᠨᠡᠨᠬᠦ ᠪᠠᠲᠤᠯᠠᠨ᠎ᠠ᠃      ᠬᠡᠯᠪᠡᠷᠢ ᠶᠢᠨ ᠰᠢᠨ᠎ᠡ ᠶᠢ ᠡᠭᠦᠳᠬᠦ ᠲᠠᠯ᠎ᠠ ᠪᠠᠷ᠂ ᠤᠯᠠᠮᠵᠢᠯᠠᠯᠲᠤ ᠵᠢᠷᠤᠭ ᠦᠰᠦᠭ ᠤᠨ ᠦᠵᠡᠭᠦᠯᠦᠯᠭᠡ ᠠᠴᠠ ᠭᠠᠳᠠᠨ᠎ᠠ᠂ ᠣᠯᠠᠨ ᠡᠰᠢᠵᠢᠭᠰᠡᠨ ᠦᠵᠡᠭᠦᠯᠦᠯᠭᠡ ᠶᠢᠨ ᠠᠷᠭ᠎ᠠ ᠮᠠᠶ᠋ᠢᠭ ᠢ ᠨᠡᠮᠡᠭᠳᠡᠭᠦᠯᠵᠦ᠂ ᠬᠠᠷᠢᠯᠴᠠᠨ ᠣᠶᠢᠯᠠᠭᠠᠯᠴᠠᠬᠤ ᠪᠠᠨ ᠴᠢᠩᠭᠠᠳᠬᠠᠬᠤ ᠬᠡᠷᠡᠭᠲᠡᠶ᠃ ᠵᠢᠱᠢᠶᠡᠯᠡᠪᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠨ᠎ᠡ᠂ VR  ᠂ AR᠂ ᠪᠦᠷᠢᠨ ᠵᠠᠩᠭᠢ ᠶᠢᠨ ᠲᠤᠰᠬᠠᠯᠳᠠ ᠵᠡᠷᠭᠡ ᠮᠡᠷᠭᠡᠵᠢᠯ ᠢ ᠠᠰᠢᠭᠯᠠᠨ᠂ ᠵᠢᠪᠦᠮᠡᠯ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠰᠣᠶᠣᠯ ᠤᠨ ᠪᠡᠶᠡᠴᠢᠯᠡᠨ ᠣᠶᠢᠯᠠᠭᠠᠬᠤ ᠣᠷᠣᠨ ᠵᠠᠶ ᠶᠢ ᠪᠣᠶ ᠪᠣᠯᠭᠠᠨ᠎ᠠ︔ ᠬᠤᠶᠠᠷ ᠬᠡᠮᠵᠢᠯᠳᠦ ᠺᠣᠳ᠋ ᠲᠣᠬᠢᠷᠠᠭᠤᠯᠵᠤ᠂ ᠨᠠᠩ ᠪᠠᠶᠠᠯᠢᠭ ᠰᠦᠯᠵᠢᠶᠡᠨ ᠤ ᠠᠭᠤᠯᠭ᠎ᠠ ᠶᠢ ᠬᠤᠯᠪᠣᠬᠤ᠂ ᠡᠰᠡᠬᠦᠯ᠎ᠡ ᠡᠯᠧᠺᠲᠷᠣᠨ ᠳᠡᠯᠭᠡᠴᠡ ᠶᠢ ᠠᠰᠢᠭᠯᠠᠨ ᠬᠥᠳᠡᠯᠦᠩᠭᠦᠶ ᠮᠡᠳᠡᠭᠡ ᠵᠠᠩᠭᠢ ᠨᠡᠪᠲᠡᠷᠡᠭᠦᠯᠦᠨ᠎ᠡ︔ ᠵᠢᠵᠢᠭ ᠬᠡᠯᠪᠡᠷᠢ ᠶᠢᠨ ᠤᠷᠠᠯᠢᠭ ᠤᠨ ᠲᠣᠨᠣᠭᠯᠠᠯ ᠪᠤᠶᠤ ᠱᠤᠭᠤᠮᠠᠯ ᠪᠠᠶᠢᠷᠢᠯᠠᠭᠤᠯᠵᠤ᠂ ᠣᠷᠴᠢᠨ ᠲᠣᠭᠤᠷᠢᠨ ᠢ ᠭᠤᠶᠣᠯᠠᠬᠤ ᠮᠥᠷᠲᠡᠭᠡᠨ ᠪᠠᠰᠠ ᠰᠣᠶᠣᠯ ᠤᠨ ᠣᠨᠣᠯᠵᠢᠬᠤᠨ ᠢ ᠳᠠᠮᠵᠢᠭᠤᠯᠤᠨ᠎ᠠ︔ ᠲᠣᠭᠲᠠᠮᠠᠯ ᠬᠤᠭᠤᠴᠠᠭ᠎ᠠ ᠲᠠᠢ ᠪᠠᠷ ᠰᠣᠶᠣᠯ ᠤᠨ ᠱᠠᠯᠤᠨ᠂ ᠭᠠᠷ ᠤᠷᠠᠯᠠᠯ ᠤᠨ ᠠᠵᠢᠯᠯᠠᠭ᠎ᠠ᠂ ᠨᠡᠶᠢᠭᠡᠮ ᠲᠣᠭᠤᠷᠢᠭ ᠤᠨ ᠭᠡᠷᠡᠯ ᠵᠢᠷᠤᠭ ᠤᠨ ᠦᠵᠡᠭᠦᠯᠦᠯᠭᠡ ᠂ ᠬᠡᠤᠬᠡᠳ ᠤᠨ ᠵᠢᠷᠤᠭ ᠤᠨ ᠦᠵᠡᠭᠦᠯᠦᠯᠭᠡ ᠵᠡᠷᠭᠡ ᠶᠢ ᠡᠷᠬᠢᠯᠡᠵᠦ᠂ ᠰᠠᠭᠤᠭᠠᠯᠢ ᠠᠷᠠᠳ ᠤᠨ ᠣᠷᠣᠯᠴᠠᠬᠤ ᠬᠡᠮᠵᠢᠶ᠎ᠡ ᠪᠠ ᠢᠳᠡᠪᠬᠢᠵᠢᠯ ᠢ ᠳᠡᠭᠡᠭᠰᠢᠯᠡᠭᠦᠯᠦᠨ᠎ᠡ᠃      ᠶᠡᠷᠦᠩᠬᠡᠶ ᠳᠤᠨᠢ ᠠᠪᠴᠤ ᠬᠡᠯᠡᠪᠡᠯ᠂ ᠰᠣᠶᠣᠯ ᠤᠨ ᠬᠤᠩᠭᠢᠯ ᠨᠢ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢᠨ ᠳᠤᠲᠠᠭᠳᠠᠵᠤ ᠪᠣᠯᠤᠰᠢ ᠦᠭᠡᠢ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠲᠡᠭᠦᠨ ᠢ ᠰᠠᠭᠤᠭᠠᠯᠢ ᠠᠷᠠᠳ ᠤᠨ ᠠᠮᠢᠳᠤᠷᠠᠯ ᠲᠠᠢ ᠨᠡᠩ ᠣᠶᠢᠷᠠᠲᠤᠭᠤᠯᠵᠤ᠂ ᠴᠠᠭ ᠦᠶ᠎ᠡ ᠶᠢᠨ ᠣᠨᠴᠠᠯᠢᠭ ᠲᠤ ᠠᠭᠤᠰᠤᠯᠴᠠᠭᠤᠯᠵᠤ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠰᠣᠶᠣᠯ ᠢ ᠤᠯᠠᠮᠵᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠶ᠃ ᠪᠠᠰᠠ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠰᠣᠶᠣᠯ ᠤᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠰᠡᠳᠬᠢᠴᠡ ᠪᠠ ᠠᠷᠭ᠎ᠠ ᠬᠡᠮᠵᠢᠶ᠎ᠡ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠰᠣᠶᠣᠯ ᠤᠨ ᠬᠤᠩᠭᠢᠯ ᠢ ᠨᠡᠶᠢᠭᠡᠮ ᠲᠣᠭᠤᠷᠢᠭ ᠤᠨ ᠪᠣᠯᠪᠠᠰᠤᠨ ᠢ ᠳᠡᠯᠭᠡᠨ ᠦᠵᠡᠭᠦᠯᠬᠦ᠂ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠭᠠᠬᠤ ᠶᠢ ᠬᠠᠮᠲᠤᠪᠠᠷ ᠠᠬᠢᠭᠤᠯᠬᠤ ᠬᠡᠷᠡᠭᠲᠡᠶ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1