ᠬᠤᠲᠠ ᠶᠢᠨ ᠬᠡᠷᠡᠭᠰᠡᠯ ᠤᠨ ᠤᠶᠤᠨᠴᠢᠯᠠᠭᠰᠠᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/22
      ᠮᠡᠳᠡᠭᠡᠯᠡᠯ ᠢ ᠦᠨᠳᠦᠰᠦᠯᠡᠪᠡᠯ᠂ ᠵᠢᠶᠠᠩᠰᠦ ᠮᠣᠵᠢ ᠶᠢᠨ ᠦ᠋ ᠰᠢ ᠬᠤᠲᠠ ᠴᠠᠬᠢᠯᠭᠠᠨ ᠴᠡᠨᠡᠭᠯᠡᠬᠦ ᠰᠠᠭᠤᠳᠠᠯ ᠂ ᠰᠢᠭᠤᠳ ᠤᠤᠭᠤᠵᠤ ᠪᠤᠯᠬᠤ ᠤᠮᠳᠠᠭᠠᠨ ᠤ ᠲᠥᠬᠦᠭᠡᠷᠦᠮᠵᠢ ᠵᠡᠷᠭᠡ ᠬᠤᠲᠠ ᠶᠢᠨ ᠬᠡᠷᠡᠭᠰᠡᠯ ᠢ ᠵᠠᠬ᠎ᠠ ᠲᠡᠯᠭᠡᠭᠦᠷ ᠲᠤ ᠤᠷᠤᠭᠤᠯᠪᠠ᠂ ᠬᠠᠷᠠᠮᠦ᠋ᠷᠡᠨ ᠮᠣᠵᠢ ᠶᠢᠨ ᠬᠠᠷᠪᠢᠨ ᠬᠤᠲᠠ ᠶᠢᠨ ᠬᠡᠷᠡᠭᠰᠡᠯ ᠢ ᠰᠢᠨᠡᠳᠭᠡᠬᠦ ᠠᠵᠢᠯ ᠢ ᠠᠬᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠢᠶᠠᠷ ᠦᠢᠯᠡᠳᠦᠭᠰᠡᠨ ᠨᠢᠭᠡ ᠪᠦᠯᠦᠭ ᠦᠵᠡᠮᠵᠢ ᠮᠠᠶ᠋ᠢᠭ ᠤᠨ ᠬᠤᠭ ᠨᠤᠪᠰᠢ ᠶᠢᠨ ᠬᠠᠢᠷᠴᠠᠭ ᠢ ᠰᠢᠨ᠎ᠡ ᠪᠠᠷ ᠨᠡᠮᠡᠵᠦ᠂ ᠵᠢᠷᠤᠭ ᠲᠥᠯᠥᠪᠯᠡᠭᠡ ᠶᠢᠨ ᠲᠠᠯ᠎ᠠ ᠪᠠᠷ ᠭᠤᠶᠣ ᠰᠠᠶᠢᠬᠠᠨ ᠴᠢᠨᠠᠷ ᠪᠠ ᠬᠡᠷᠡᠭᠯᠡᠭᠡᠨ ᠤ ᠴᠢᠨᠠᠷ ᠢ ᠭᠦᠢᠴᠡᠳ ᠪᠣᠳᠣᠯᠬᠢᠯᠠᠵᠤ᠂ ᠬᠤᠲᠠ ᠶᠢᠨ ᠠᠷᠠᠳ ᠤᠨ ᠬᠤᠭ ᠨᠤᠪᠰᠢ ᠲᠠᠯᠪᠢᠬᠤ ᠳᠤ ᠳᠥᠭᠦᠮ ᠦᠵᠡᠭᠦᠯᠪᠡ᠃      ᠬᠤᠲᠠ ᠶᠢᠨ ᠬᠡᠷᠡᠭᠰᠡᠯ ᠨᠢ ᠬᠤᠲᠠ ᠶᠢᠨ ᠣᠯᠠᠨ ᠨᠡᠶᠢᠲᠡ ᠶᠢᠨ ᠣᠷᠣᠨ ᠪᠦᠰᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠵᠥᠪᠬᠡᠨ ᠴᠢᠳᠠᠮᠵᠢ ᠶᠢᠨ ᠴᠢᠨᠠᠷᠲᠠᠶ ᠣᠷᠣᠰᠢᠵᠤ ᠪᠠᠶᠢᠬᠤ ᠪᠢᠰᠢ᠂ ᠨᠠᠩ ᠴᠤ ᠨᠢᠭᠡ ᠵᠦᠢᠯ ᠤᠨ ᠤᠷᠠᠯᠢᠭ ᠤᠨ ᠢᠯᠡᠷᠡᠯ ᠪᠠ ᠰᠣᠶᠣᠯ ᠤᠨ ᠳᠠᠮᠵᠢᠭᠤᠯᠭ᠎ᠠ ᠪᠣᠯᠤᠨ᠎ᠠ᠃ ᠵᠣᠬᠢᠶᠠᠭᠴᠢ ᠶᠢᠨ ᠦᠵᠡᠬᠦ ᠪᠠᠷ᠂ ᠡᠯ᠎ᠡ ᠭᠠᠵᠠᠷ ᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠠᠷᠢᠨ ᠨᠢᠮᠪᠠᠶ ᠲᠥᠯᠥᠪᠵᠢᠭᠦᠯᠵᠦ᠂ ᠬᠤᠲᠠ ᠶᠢᠨ ᠬᠡᠷᠡᠭᠰᠡᠯ ᠨᠢᠭᠡᠪᠦᠷᠢ ᠶᠢ ᠬᠤᠲᠠ ᠶᠢᠨ ᠪᠦᠬᠦᠯᠢ ᠴᠣᠭᠴᠠ ᠶᠢᠨ ᠬᠡᠪ ᠨᠠᠮᠪᠠ ᠯᠤᠭ᠎ᠠ ᠬᠠᠷᠢᠯᠴᠠᠨ ᠠᠭᠤᠰᠤᠯᠴᠠᠭᠤᠯᠪᠠᠯ ᠵᠤᠬᠢᠨ᠎ᠠ᠃      ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠴᠠᠭ ᠤᠨ ᠤᠷᠤᠰᠬᠠᠯ ᠢ ᠬᠥᠲᠥᠯᠥᠨ ᠳᠠᠭᠠᠭᠤᠯᠤᠨ᠎ᠠ ᠃ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ ᠢ ᠢᠳᠡᠪᠬᠢᠲᠡᠶ ᠪᠠᠷ ᠣᠷᠣᠭᠤᠯᠵᠤ᠂ ᠬᠤᠲᠠ ᠶᠢᠨ ᠬᠡᠷᠡᠭᠰᠡᠯ ᠤᠨ ᠤᠶᠤᠨᠴᠢᠯᠠᠭᠰᠠᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠵᠢᠱᠢᠶᠡᠯᠡᠪᠡᠯ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠢ ᠠᠰᠢᠭᠯᠠᠨ ᠬᠤᠲᠠ ᠶᠢᠨ ᠬᠡᠷᠡᠭᠰᠡᠯ ᠢ ᠠᠯᠤᠰ ᠠᠴᠠ ᠬᠢᠨᠠᠨ ᠡᠵᠡᠮᠳᠡᠬᠦ ᠪᠠ ᠬᠠᠮᠢᠶᠠᠷᠬᠤ ᠶᠢ ᠪᠡᠶᠡᠯᠡᠭᠦᠯᠦᠨ᠎ᠡ︔ ᠣᠶᠤᠨᠴᠢ ᠰᠡᠷᠡᠯ ᠤᠨ ᠮᠡᠷᠭᠡᠵᠢᠯ ᠢᠶᠠᠷ ᠳᠠᠮᠵᠢᠭᠤᠯᠤᠨ ᠬᠤᠲᠠ ᠶᠢᠨ ᠬᠡᠷᠡᠭᠰᠡᠯ ᠤᠨ ᠬᠡᠷᠡᠭᠯᠡᠯᠲᠡ ᠶᠢᠨ ᠳᠥᠭᠦᠮ ᠳᠥᠲᠡ ᠴᠢᠨᠠᠷ ᠪᠠ ᠲᠣᠬᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ ᠶᠢ ᠠᠰᠢᠭᠯᠠᠨ ᠬᠤᠲᠠ ᠶᠢᠨ ᠬᠡᠷᠡᠭᠰᠡᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠬᠢᠭᠡᠳ ᠠᠰᠢᠭᠯᠠᠯᠲᠠ ᠶᠢᠨ ᠦᠷ᠎ᠡ ᠪᠦᠲᠦᠮᠵᠢ ᠶᠢ ᠵᠠᠳᠠᠯᠤᠨ ᠰᠢᠯᠢᠳᠡᠭᠵᠢᠭᠦᠯᠦᠨ᠎ᠡ᠃ ᠮᠡᠷᠭᠡᠵᠢᠯ ᠤᠨ ᠰᠢᠨᠡᠴᠢᠯᠡᠯᠲᠡ ᠪᠠᠷ ᠳᠠᠮᠵᠢᠭᠤᠯᠤᠨ᠂ ᠬᠤᠲᠠ ᠶᠢᠨ ᠬᠡᠷᠡᠭᠰᠡᠯ ᠢ ᠬᠤᠲᠠ ᠶᠢᠨ ᠤᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠬᠦᠴᠦᠨ ᠪᠣᠯᠭᠠᠨ᠎ᠠ᠃      ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠪᠦᠬᠦᠯᠢ ᠴᠣᠭᠴᠠ ᠶᠢᠨ ᠭᠤᠸ᠎ᠠ ᠰᠠᠶᠢᠬᠠᠨ ᠤ ᠲᠥᠷᠥᠭᠳᠡᠯ ᠢ ᠳᠡᠭᠡᠭᠰᠢᠯᠡᠭᠦᠯᠦᠨ᠎ᠡ᠃ ᠲᠤᠰᠬᠠᠢ ᠠᠵᠢᠯ ᠤᠨ ᠪᠦᠯᠬᠦᠮ ᠢ ᠤᠷᠢᠵᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠳᠠ ᠶᠢᠨ ᠬᠡᠷᠡᠭᠰᠡᠯ ᠤᠨ ᠪᠠᠶᠢᠷᠢᠰᠢᠭᠤᠯᠤᠯᠲᠠ ᠵᠦᠢ ᠵᠣᠬᠢᠰᠲᠠᠢ᠂ ᠭᠤᠶᠤ ᠰᠠᠶᠢᠬᠠᠨ ᠪᠣᠳᠠᠲᠤ ᠬᠡᠷᠡᠭᠴᠡᠭᠡ ᠲᠠᠢ ᠪᠠᠶᠢᠬᠤ ᠶᠢ ᠪᠠᠳᠤᠯᠠᠨ᠎ᠠ᠃ ᠬᠤᠲᠠ ᠶᠢᠨ ᠬᠡᠷᠡᠭᠰᠡᠯ ᠤᠨ ᠣᠷᠣᠨ ᠪᠠᠶᠢᠷᠢ᠂ ᠬᠡᠮᠵᠢᠶ᠎ᠡ᠂ ᠥᠩᠭᠡ ᠪᠤᠳᠤᠭ ᠵᠡᠷᠭᠡ ᠵᠢᠷᠤᠭ ᠲᠥᠯᠥᠪᠯᠡᠭᠡ ᠶᠢᠨ ᠬᠦᠴᠦᠨ ᠵᠦᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠡᠷᠭᠢᠨ ᠲᠣᠭᠤᠷᠢᠨ ᠤ ᠪᠠᠷᠢᠯᠭ᠎ᠠ᠂ ᠦᠵᠡᠮᠵᠢ ᠯᠦᠭᠡ ᠵᠣᠬᠢᠴᠠᠯᠳᠤᠵᠤ᠂ ᠨᠢᠭᠡᠳᠦᠯᠲᠡᠶ ᠪᠥᠭᠡᠳ ᠡᠶ᠎ᠡ ᠵᠣᠬᠢᠴᠠᠯ ᠲᠠᠢ ᠬᠤᠲᠠ ᠶᠢᠨ ᠳᠦᠷᠰᠦ ᠪᠠᠶᠢᠳᠠᠯ ᠢ ᠪᠣᠶ ᠪᠤᠯᠭᠠᠨ᠎ᠠ᠃ ᠬᠤᠲᠠ ᠶᠢᠨ ᠬᠡᠷᠡᠭᠰᠡᠯ ᠤᠨ ᠣᠯᠠᠨ ᠶᠠᠩᠵᠤᠲᠤ ᠴᠢᠨᠠᠷ ᠬᠢᠭᠡᠳ ᠥᠪᠡᠷᠮᠢᠴᠡ ᠵᠢᠷᠤᠭ ᠲᠥᠯᠥᠪᠯᠡᠭᠡ ᠶᠢ ᠴᠢᠬᠤᠯᠠᠴᠢᠯᠠᠵᠤ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠬᠥᠮᠦᠰ ᠤᠨ ᠬᠡᠷᠡᠭᠴᠡᠭᠡ ᠶᠢ ᠬᠠᠩᠭᠠᠨ᠎ᠠ᠃      ᠣᠯᠠᠨ ᠲᠦᠮᠡᠨ ᠤ ᠣᠷᠣᠯᠴᠠᠬᠤ ᠶᠢ ᠵᠣᠷᠢᠭᠵᠢᠭᠤᠯᠵᠤ᠂ ᠰᠠᠶᠢᠨ ᠰᠠᠶᠢᠬᠠᠨ ᠤᠷᠤᠨ ᠰᠠᠭᠤᠴᠠ ᠪᠠᠨ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠣᠯᠠᠨ ᠲᠦᠮᠡᠨ ᠤ ᠬᠤᠲᠠ ᠶᠢᠨ ᠬᠡᠷᠡᠭᠰᠡᠯ ᠢ ᠰᠢᠨᠡᠳᠬᠡᠬᠦ ᠪᠦᠬᠦ ᠶᠠᠪᠤᠴᠠ ᠳᠤ ᠣᠷᠣᠯᠴᠠᠬᠤ ᠶᠢ ᠵᠣᠷᠢᠭᠵᠢᠭᠤᠯᠵᠤ᠂ ᠰᠠᠨᠠᠯ ᠬᠤᠷᠢᠶᠠᠬᠤ᠂ ᠲᠥᠰᠦᠯ ᠳᠤ ᠪᠢᠯᠧᠲ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠤᠨ ᠰᠠᠨᠠᠯ ᠪᠠ ᠰᠠᠨᠠᠭᠤᠯᠭ᠎ᠠ ᠶᠢ ᠭᠦᠢᠴᠡᠳ ᠰᠣᠨᠣᠰᠬᠤ ᠬᠡᠷᠡᠭᠲᠡᠶ ᠃ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠤᠲᠠ ᠶᠢᠨ ᠠᠷᠠᠳ ᠤᠨ ᠬᠤᠲᠠ ᠶᠢᠨ ᠬᠡᠷᠡᠭᠰᠡᠯ ᠤᠨ ᠰᠢᠨᠡᠴᠢᠯᠡᠯᠲᠡ ᠶᠢᠨ ᠲᠤᠬᠠᠶ ᠲᠠᠨᠢᠯᠲᠠ ᠪᠠ ᠳᠡᠮᠵᠢᠯᠭᠡ ᠶᠢ ᠴᠢᠩᠭᠠᠳᠬᠠᠵᠤ᠂ ᠬᠤᠲᠠ ᠶᠢᠨ ᠬᠡᠷᠡᠭᠰᠡᠯ ᠤᠨ ᠰᠢᠨᠡᠴᠢᠯᠡᠯᠳᠡ ᠶᠢ ᠬᠤᠲᠠ ᠶᠢᠨ ᠠᠷᠠᠳ ᠤᠨ ᠬᠡᠷᠡᠭᠴᠡᠭᠡ ᠱᠠᠭᠠᠷᠳᠠᠯᠭ᠎ᠠ ᠲᠠᠢ ᠨᠠᠩ ᠣᠶᠢᠷᠠᠲᠤᠭᠤᠯᠬᠤ ᠪᠠᠷ ᠪᠠᠷᠠᠬᠤ ᠥᠬᠡᠶ᠂ ᠪᠠᠰᠠ ᠬᠤᠲᠠ ᠶᠢᠨ ᠠᠷᠠᠳ ᠤᠨ ᠬᠤᠲᠠ ᠳᠤ ᠬᠠᠷᠢᠶᠠᠯᠠᠭᠳᠠᠬᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠵᠦ ᠴᠢᠳᠠᠨ᠎ᠠ᠃      ᠰᠡᠭᠦᠯᠴᠢ ᠶᠢᠨ ᠬᠤᠭᠤᠴᠠᠭᠠᠨ ᠤ ᠠᠷᠠᠴᠢᠯᠠᠯᠳᠠ ᠬᠠᠮᠠᠭᠠᠯᠠᠯᠲᠠ ᠶᠢ ᠴᠢᠬᠤᠯᠠᠴᠢᠯᠠᠵᠤ᠂ ᠦᠷᠭᠦᠯᠵᠢᠯᠡᠨ ᠠᠵᠢᠯᠯᠠᠭᠤᠯᠬᠤ ᠶᠢ ᠪᠠᠳᠤᠯᠠᠨ᠎ᠠ᠃ ᠬᠤᠲᠠ ᠶᠢᠨ ᠬᠡᠷᠡᠭᠰᠡᠯ ᠢ ᠠᠷᠠᠴᠢᠯᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠠᠷᠠᠴᠢᠯᠠᠬᠤ ᠪᠠ ᠰᠡᠷᠭᠦᠭᠡᠬᠦ ᠠᠵᠢᠯ ᠢ ᠬᠢᠬᠦ ᠬᠡᠷᠡᠭᠲᠡᠶ᠃ ᠡᠭᠦᠨ ᠤ ᠵᠡᠷᠭᠡᠴᠡᠪᠡᠷ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠵᠣᠷᠢᠭᠤᠳᠠ ᠡᠪᠳᠡᠯᠡᠭᠡ ᠬᠢᠬᠦ ᠵᠡᠷᠭᠡ ᠠᠵᠢᠯᠯᠠᠭ᠎ᠠ ᠭᠠᠷᠬᠤ ᠶᠢ ᠰᠡᠷᠭᠡᠶᠢᠯᠡᠬᠦ ᠬᠡᠷᠡᠭᠲᠡᠶ᠃ ᠰᠡᠭᠦᠯᠴᠢ ᠶᠢᠨ ᠬᠤᠭᠤᠴᠠᠭᠠᠨ ᠤ ᠪᠦᠲᠦᠮᠵᠢᠲᠡᠶ ᠠᠷᠠᠴᠢᠯᠠᠯᠳᠠ ᠬᠠᠮᠠᠭᠠᠯᠠᠯᠲᠠ ᠪᠠ ᠬᠠᠮᠢᠶᠠᠷᠤᠯᠲᠠ ᠪᠠᠷ ᠳᠠᠮᠵᠢᠭᠤᠯᠤᠨ᠂ ᠬᠤᠲᠠ ᠶᠢᠨ ᠬᠡᠷᠡᠭᠰᠡᠯ ᠤᠨ ᠦᠷᠭᠦᠯᠵᠢᠯᠡᠨ ᠪᠠᠳᠠᠷᠠᠭᠤᠯᠬᠤ ᠦᠢᠯᠡᠳᠦᠯ ᠢ ᠪᠠᠲᠤᠯᠠᠵᠤ᠂ ᠬᠤᠲᠠ ᠶᠢᠨ ᠠᠷᠠᠳ ᠲᠤ ᠴᠢᠨᠠᠷ ᠰᠠᠶᠢᠲᠠᠶ ᠦᠢᠯᠡᠴᠢᠯᠡᠭᠡ ᠪᠠ ᠣᠶᠢᠯᠠᠭᠠᠯᠲᠠ ᠬᠠᠩᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1