ᠣᠶᠢᠷ᠎ᠠ ᠳᠤ᠂ ᠣᠯᠠᠨ ᠭᠡᠷ ᠤᠨ ᠠᠵᠤ ᠠᠬᠤᠶᠢᠯᠠᠯ ᠳᠡᠭᠡᠷ᠎ᠡ ᠬᠠᠭᠠᠰ ᠵᠢᠯ ᠤᠨ ᠭᠡᠷ ᠪᠠᠶᠢᠰᠢᠩ ᠲᠤᠰᠢᠶᠠᠭᠰᠠᠨ | ᠪᠠᠶᠢᠳᠠᠯ ᠢᠶᠠᠨ ᠨᠡᠶᠢᠲᠡᠯᠡᠵᠡᠶ᠃ ᠲᠤᠭ᠎ᠠ ᠪᠠᠷᠢᠮᠲᠠ ᠠᠴᠠ ᠦᠵᠡᠪᠡᠯ᠂ 60 ᠭᠡᠷ ᠪᠠᠶᠢᠰᠢᠩ ᠤᠨ ᠠᠵᠤ ᠠᠬᠤᠢᠯᠠᠯ ᠤᠨ | ᠭᠡᠷ ᠪᠠᠶᠢᠰᠢᠩ ᠲᠤᠰᠢᠶᠠᠭᠰᠠᠨ ᠲᠤᠭ᠎ᠠ ᠨᠢ ᠨᠡᠶᠢᠳᠡ 138.6 ᠲᠦᠮᠡᠨ ᠢᠵᠢ ᠪᠠᠶᠢᠵᠤ᠂ ᠡᠭᠦᠨ ᠤ ᠳᠣᠲᠣᠷ᠎ᠠ | ᠲᠣᠯᠣᠭᠠᠢᠯᠠᠭᠴᠢ ᠠᠵᠤ ᠠᠬᠤᠢᠯᠠᠯ ᠤᠨ ᠲᠤᠰᠢᠶᠠᠭᠰᠠᠨ ᠳᠠᠪᠠᠭᠤᠯᠢᠭ ᠨᠢ ᠢᠯᠡᠷᠬᠡᠢ ᠪᠣᠯᠪᠠᠴᠤ ᠬᠡᠰᠡᠭ ᠠᠵᠤ | ᠠᠬᠤᠢᠯᠠᠯ ᠤᠨ ᠲᠤᠰᠢᠶᠠᠭᠰᠠᠨ ᠬᠡᠪᠴᠢᠶ᠎ᠡ ᠨᠢ ᠪᠠᠭᠠᠰᠤᠭᠰᠠᠨ ᠪᠠᠶᠢᠨ᠎ᠠ᠃ | ᠣᠳᠣᠬᠠᠨ ᠤ ᠵᠠᠬ᠎ᠠ ᠳᠡᠯᠭᠡᠭᠦᠷ ᠤᠨ ᠣᠷᠴᠢᠨ ᠳᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠭᠡᠷ | ᠪᠠᠶᠢᠰᠢᠩ ᠤᠨ ᠠᠵᠤ ᠠᠬᠤᠶᠢᠯᠠᠯ ᠤᠨ ᠲᠤᠰᠢᠶᠠᠭᠰᠠᠨ ᠪᠠᠶᠢᠳᠠᠯ ᠦᠨᠳᠦᠰᠦᠨ ᠳᠡᠭᠡᠨ ᠲᠣᠭᠲᠠᠭᠤᠨ ᠪᠠᠶᠢᠨ᠎ᠠ᠃ ᠬᠢᠨᠠᠨ | ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠦᠷᠭᠦᠯᠵᠢᠯᠡᠨ ᠴᠢᠬᠤᠯᠠᠴᠢᠯᠠᠬᠤ᠂ ︽ᠴᠠᠭᠠᠨ ᠨᠡᠷᠡᠰ ︾ ᠤᠨ ᠬᠡᠷ | ᠪᠠᠶᠢᠰᠢᠩ ᠠᠵᠤ ᠠᠬᠤᠶᠢᠯᠠᠯ ᠤᠨ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢ | ᠲᠦᠷᠭᠡᠳᠬᠡᠨ ᠨᠠᠶᠢᠳᠠᠪᠤᠷᠢᠵᠢᠭᠤᠯᠬᠤ ᠶᠢ ᠳᠠᠭᠠᠯᠳᠤᠨ᠂ ᠳᠣᠤᠷ᠎ᠠ ᠬᠠᠭᠠᠰ ᠵᠢᠯ ᠳᠤ ᠬᠡᠷ ᠪᠠᠶᠢᠰᠢᠩ ᠤᠨ ᠠᠵᠤ | ᠠᠬᠤᠶᠢᠯᠠᠯ ᠤᠨ ᠲᠤᠰᠢᠶᠠᠨ ᠦᠭᠬᠦ ᠪᠠᠶᠢᠳᠠᠯ ᠰᠠᠶᠢᠵᠢᠷᠠᠬᠤ ᠬᠠᠨᠳᠤᠰᠢ ᠲᠠᠢ᠃ ᠮᠠᠨ ᠤ ᠤᠯᠤᠰ ᠤᠨ ᠬᠤᠲᠠ | ᠪᠠᠯᠭᠠᠰᠤᠵᠢᠯᠲᠠ ᠳᠤᠮᠳᠠ ᠰᠡᠭᠦᠯᠴᠢ ᠶᠢᠨ ᠬᠤᠭᠤᠴᠠᠭᠠᠨ ᠳᠤ ᠤᠷᠤᠭᠰᠠᠨ᠂ ᠬᠥᠮᠥᠨ ᠠᠮᠠ ᠰᠥᠭᠡᠷᠭᠦ ᠨᠡᠮᠡᠭᠳᠡᠯ ᠳᠤ | ᠣᠷᠣᠭᠰᠠᠨ ᠵᠢᠴᠢ ᠣᠷᠣᠨ ᠰᠠᠭᠤᠴᠠ ᠳᠤᠲᠠᠭᠳᠠᠵᠤ ᠪᠠᠶᠢᠭ᠎ᠠ ᠪᠠᠶᠢᠳᠠᠯ ᠦᠨᠳᠦᠰᠦᠨ ᠳᠡᠭᠡᠨ ᠰᠢᠢᠳᠪᠦᠷᠢᠯᠡᠭᠳᠡᠭᠰᠡᠨ | ᠪᠠᠶᠢᠳᠠᠯ ᠳᠣᠣᠷ᠎ᠠ᠂ ᠢᠯᠠᠩᠭᠤᠶ᠎ᠠ ᠣᠷᠣᠨ ᠰᠠᠭᠤᠴᠠ ᠶᠢᠨ ᠣᠷᠣᠰᠢᠨ ᠰᠠᠭᠤᠬᠤ ᠬᠠᠷᠢᠶᠠᠲᠤ ᠴᠢᠨᠠᠷ ᠠᠴᠠ ᠪᠣᠯᠵᠤ᠂ | ᠣᠷᠣᠨ ᠰᠠᠭᠤᠴᠠ ᠶᠢᠨ ᠬᠡᠷᠡᠭᠴᠡᠭᠡ ᠶᠢᠨ ᠬᠡᠪᠴᠢᠶ᠎ᠡ ᠪᠠ ᠪᠦᠲᠦᠴᠡ ᠳᠤ ᠢᠯᠡᠳᠲᠡ ᠬᠤᠪᠢᠷᠠᠯᠲᠠ ᠭᠠᠷᠴᠤ᠂ ᠶᠡᠭᠡ | ᠬᠡᠮᠵᠢᠶᠡᠨ ᠤ ᠵᠠᠶᠢᠯᠠᠰᠢ ᠦᠭᠡᠢ ᠬᠡᠷᠡᠭᠴᠡᠭᠡ ᠱᠠᠭᠠᠷᠳᠠᠯᠭ᠎ᠠ ᠨᠢ ᠬᠠᠭᠤᠴᠢᠨ ᠣᠷᠣᠨ ᠰᠠᠭᠤᠴᠠ ᠬᠤᠳᠠᠯᠳᠤᠨ ᠠᠪᠬᠤ | ᠲᠡᠶᠢᠰᠢ ᠰᠢᠯᠵᠢᠵᠠᠢ᠃ ᠡᠭᠦᠨ ᠤ ᠨᠥᠯᠥᠭᠡ ᠪᠠᠷ᠂ ᠰᠢᠨ᠎ᠡ ᠪᠠᠷ ᠨᠡᠭᠡᠭᠡᠨ ᠬᠥᠭᠵᠢᠭᠦᠯᠬᠦ ᠲᠠᠸᠠᠷ ᠤᠨ ᠣᠷᠣᠨ | ᠰᠠᠭᠤᠴᠠ ᠶᠢᠨ ᠬᠡᠪᠴᠢᠶ᠎ᠡ ᠪᠠᠭᠤᠷᠠᠵᠤ᠂ ᠦᠯᠡᠳᠡᠭᠡᠯ ᠣᠷᠣᠨ ᠰᠠᠭᠤᠴᠠ ᠶᠢᠨ ᠠᠷᠠᠯᠵᠢᠶᠠᠨ ᠤ ᠡᠵᠡᠯᠡᠬᠦ ᠬᠠᠷᠢᠴᠠᠯ | ᠨᠡᠮᠡᠭᠳᠡᠬᠦ ᠪᠣᠯᠤᠨ᠎ᠠ᠃ ᠡᠨᠡ ᠨᠢ 2024 ᠣᠨ ᠤ ᠳᠡᠭᠡᠷ᠎ᠡ ᠬᠠᠭᠠᠰ ᠵᠢᠯ ᠤᠨ ᠲᠤᠰᠢᠶᠠᠨ ᠦᠭᠬᠦ ᠲᠤᠭ᠎ᠠ ᠬᠡᠮᠵᠢᠶ᠎ᠡ | ᠪᠠᠭᠠᠰᠤᠭᠰᠠᠨ ᠤ ᠰᠢᠯᠳᠠᠭᠠᠨ ᠪᠣᠯᠤᠨ᠎ᠠ︾᠃ | ︽ᠨᠥᠭᠦᠭᠡ ᠲᠠᠯ᠎ᠠ ᠪᠠᠷ ᠪᠠᠰᠠ ᠣᠨᠴᠠᠭᠠᠶᠢᠯᠠᠨ ᠠᠩᠬᠠᠷᠬᠤ ᠴᠢᠬᠤᠯᠠᠲᠠᠶ ᠨᠢ ᠲᠣᠯᠣᠭᠠᠢᠯᠠᠭᠴᠢ ᠬᠡᠷ | ᠪᠠᠶᠢᠰᠢᠩ ᠤᠨ ᠠᠵᠤ ᠠᠬᠤᠶᠢᠯᠠᠯ ᠤᠨ ᠣᠯᠠᠩᠬᠢ ᠲᠣᠭᠠᠨ ᠤ ᠠᠵᠤ ᠠᠬᠤᠶᠢᠯᠠᠯ ᠨᠢ ᠥᠩᠭᠡᠷᠡᠭᠰᠡᠨ ᠤ ᠬᠡᠲᠦ | ᠥᠷᠭᠡᠳᠬᠡᠭᠰᠡᠨ᠂ ᠥᠷᠢ ᠥᠭᠴᠡᠭᠡᠨ ᠤ ᠳᠠᠷᠤᠯᠲᠠ ᠶᠡᠭᠡ ᠵᠡᠷᠭᠡ ᠨᠥᠯᠥᠭᠡ ᠠᠴᠠ ᠪᠣᠯᠵᠣ᠂ ᠣᠶᠢᠷ᠎ᠠ ᠶᠢᠨ | ᠵᠢᠯ ᠤᠳ ᠲᠤ ᠲᠥᠷᠥᠯ ᠵᠦᠢᠯ ᠤᠨ ᠪᠠᠭᠠᠰᠤᠭᠰᠠᠨ ᠬᠡᠮᠵᠢᠶ᠎ᠡ ᠨᠢ ᠪᠥᠬᠦ ᠤᠯᠤᠰ ᠤᠨ ᠳᠤᠮᠳᠠᠴᠢ ᠬᠢᠷᠢ | ᠲᠦᠪᠰᠢᠨ ᠠᠴᠠ ᠶᠡᠭᠡ ᠪᠣᠯᠵᠣ᠂ ᠭᠠᠵᠠᠷ ᠠᠪᠬᠤ ᠬᠤᠪᠢ ᠶᠢᠨ ᠵᠢᠩ᠂ ᠪᠣᠷᠣᠯᠠᠭᠤᠯᠭ᠎ᠠ ᠶᠢᠨ ᠡᠵᠡᠯᠡᠬᠦ ᠬᠠᠷᠢᠴᠠᠯ ᠨᠢ | ᠴᠥᠮ ᠨᠡᠯᠢᠶᠡᠳ ᠶᠡᠭᠡ ᠬᠡᠮᠵᠢᠶ᠎ᠡ ᠪᠠᠷ ᠪᠠᠭᠠᠰᠴᠤ᠂ ᠭᠡᠳᠡᠷᠬᠦ ᠨᠢᠭᠡ ᠪᠦᠯᠦᠭ ᠣᠷᠣᠨ ᠪᠦᠰᠡ ᠶᠢᠨ ᠴᠢᠨᠠᠷᠲᠠᠶ ᠨᠠᠷᠠᠲᠤ | ᠲᠥᠷᠥᠯ ᠲᠡᠮᠳᠡᠭᠲᠦ ᠳᠤᠮᠳᠠ ᠵᠢᠵᠢᠭ ᠬᠡᠷ ᠪᠠᠶᠢᠰᠢᠩ ᠤᠨ ᠠᠵᠤ ᠠᠬᠤᠶᠢᠯᠠᠯ᠂ ᠬᠤᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠭᠠᠵᠠᠷ ᠠᠪᠬᠤ ᠬᠠᠷᠢᠴᠠᠯ ᠳᠡᠭᠡᠭᠰᠢᠯᠡᠭᠰᠡᠨ ᠪᠠᠶᠢᠨ᠎ᠠ᠃ ᠡᠶᠢᠮᠦ ᠠᠴᠠ᠂ ᠵᠦᠪᠬᠡᠨ | ᠲᠣᠯᠣᠭᠠᠢᠯᠠᠭᠴᠢ ᠠᠵᠤ ᠠᠬᠤᠶᠢᠯᠠᠯ ᠤᠨ ᠪᠠᠶᠢᠳᠠᠯ ᠠᠴᠠ ᠪᠦᠬᠦ ᠤᠯᠤᠰ ᠤᠨ ᠡᠨᠡ ᠵᠢᠯ ᠤᠨ ᠳᠡᠭᠡᠷ᠎ᠡ ᠬᠠᠭᠠᠰ ᠵᠢᠯ ᠤᠨ | ᠲᠠᠸᠠᠷ ᠤᠨ ᠣᠷᠣᠨ ᠰᠠᠭᠤᠴᠠ ᠶᠢ ᠲᠤᠰᠢᠶᠠᠨ ᠥᠭᠭᠦᠭᠰᠡᠨ ᠪᠠᠶᠢᠳᠠᠯ ᠢ ᠦᠵᠡᠵᠦ ᠪᠣᠯᠬᠤ ᠦᠭᠡᠢ ᠭᠡᠵᠤ | ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ ᠪᠠ | ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠰᠢᠶᠣᠣ ᠹᠧᠨ | ᠢᠯᠡᠷᠬᠡᠶᠢᠯᠡᠵᠡᠢ᠃ | ᠴᠦᠩᠴᠢᠩ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠯᠢᠦ ᠭᠦᠶ ᠸᠧᠨ ᠫᠷᠤᠹᠧᠰᠰᠤᠷ ᠠᠷᠠᠳ ᠤᠨ ᠡᠳᠦᠷ ᠤᠨ | ᠰᠣᠨᠢᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ | ᠪᠠᠶᠢᠳᠠᠯ ᠳᠣᠣᠷ᠎ᠠ᠂ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠲᠤᠭ᠎ᠠ ᠬᠡᠮᠵᠢᠶ᠎ᠡ ᠳᠣᠷᠣᠭᠰᠢᠯᠠᠵᠤ᠂ ᠭᠡᠷ | ᠪᠠᠶᠢᠰᠢᠩ ᠲᠤᠰᠢᠶᠠᠬᠤ ᠲᠤᠭ᠎ᠠ ᠬᠡᠮᠵᠢᠶ᠎ᠡ ᠳᠣᠷᠣᠭᠰᠢᠯᠠᠬᠤ ᠨᠢ ᠯᠠᠪᠲᠠᠶ᠃ ᠥᠩᠭᠡᠷᠡᠭᠰᠡᠨ ᠳᠤ ︽ᠭᠤᠷᠪᠠᠨ ᠥᠨᠳᠥᠷ | ᠬᠡᠪ ᠵᠠᠭᠪᠤᠷ︾ ᠤᠨ ᠳᠣᠣᠷ᠎ᠠ ᠬᠥᠭᠵᠢᠭᠰᠡᠨ ᠵᠠᠷᠢᠮ ᠲᠣᠯᠣᠭᠠᠶᠢᠯᠠᠭᠴᠢ ᠠᠵᠤ ᠠᠬᠤᠶᠢᠯᠠᠯ ᠨᠢ ᠭᠤᠷᠪᠠᠨ ᠵᠢᠯ ᠤᠨ | ᠵᠠᠬ᠎ᠠ ᠳᠡᠯᠭᠡᠭᠦᠷ ᠤᠨ ᠭᠦᠨᠵᠡᠭᠡᠢ ᠲᠣᠬᠢᠷᠠᠭᠤᠯᠤᠯᠲᠠ ᠪᠠᠷ ᠳᠠᠮᠵᠢᠨ᠂ ᠲᠡᠭᠦᠨ ᠤ ᠨᠡᠭᠡᠭᠡᠨ ᠬᠥᠭᠵᠢᠭᠦᠯᠬᠦ ᠬᠡᠪᠴᠢᠶ᠎ᠡ | ᠪᠤᠶᠤ ᠪᠣᠷᠣᠯᠠᠭᠤᠯᠬᠤ ᠬᠡᠪᠴᠢᠶ᠎ᠡ ᠴᠥᠮ ᠢᠯᠡᠳᠲᠡ ᠪᠠᠭᠤᠷᠠᠭᠰᠠᠨ ᠪᠠᠶᠢᠨ᠎ᠠ᠃ ᠡᠳᠡᠭᠡᠷ ᠲᠣᠯᠣᠭᠠᠢᠯᠠᠭᠴᠢ ᠠᠵᠤ | ᠠᠬᠤᠶᠢᠯᠠᠯ ᠤᠨ ᠭᠡᠷ ᠪᠠᠶᠢᠰᠢᠩ ᠲᠤᠰᠢᠶᠠᠭᠰᠠᠨ ᠲᠤᠭ᠎ᠠ ᠪᠠᠷᠢᠮᠲᠠ ᠨᠢ ᠨᠢᠭᠡᠨᠲᠡ ᠨᠡᠶᠢᠲᠡᠯᠢᠭ ᠲᠥᠯᠥᠭᠡᠯᠡᠬᠦ ᠴᠢᠨᠠᠷ | ᠦᠭᠡᠢ ᠪᠣᠯᠪᠠ︾ ᠭᠡᠪᠡ᠃ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠤᠳᠤᠯᠭᠠᠨ ᠤ ᠲᠥᠪ ᠤᠨ ᠡᠷᠬᠢᠯᠡᠭᠴᠢ ᠴᠧᠨ ᠵᠢᠶᠧ ᠮᠦᠨ | ᠡᠨᠡᠬᠦ ᠦᠵᠡᠯᠲᠡ ᠶᠢ ᠲᠡᠮᠵᠢᠵᠦ ᠪᠠᠶᠢᠨ᠎ᠠ᠃ ᠲᠡᠷᠡ᠂ ᠪᠠᠳᠤᠯᠠᠭᠠᠳᠤ ᠲᠤᠰᠢᠶᠠᠬᠤ ᠬᠡᠷ ᠪᠠᠶᠢᠰᠢᠩ ᠤᠨ ᠠᠵᠢᠯ ᠤᠨ | ᠬᠦᠴᠦᠲᠡᠶ ᠠᠬᠢᠯᠲᠠ ᠪᠠ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠶᠢ ᠳᠠᠭᠠᠯᠳᠤᠨ᠂ ᠬᠡᠰᠡᠭ ᠬᠡᠷ | ᠪᠠᠶᠢᠰᠢᠩ ᠤᠨ ᠠᠵᠤ ᠠᠬᠤᠶᠢᠯᠠᠯ ᠤᠨ ᠡᠨᠡ ᠵᠢᠯ ᠤᠨ ᠳᠡᠭᠡᠷ᠎ᠡ ᠬᠠᠭᠠᠰ ᠵᠢᠯ ᠤᠨ ᠬᠡᠷ ᠪᠠᠶᠢᠰᠢᠩ ᠲᠤᠰᠢᠶᠠᠬᠤ | ᠶᠣᠰᠣᠲᠠᠶ ᠡᠭᠦᠷᠭᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭᠠᠰᠴᠤ᠂ ᠡᠨᠡ ᠵᠢᠯ ᠤᠨ ᠲᠤᠭ᠎ᠠ | ᠪᠠᠷᠢᠮᠲᠠ ᠶᠢ ᠨᠢᠳᠤᠨᠤᠨ ᠤ ᠲᠤᠭ᠎ᠠ ᠪᠠᠷᠢᠮᠲᠠ ᠲᠠᠢ ᠳᠥᠭᠦᠮᠬᠡᠨ ᠢᠶᠠᠷ ᠬᠠᠷᠢᠴᠠᠭᠤᠯᠵᠤ ᠪᠣᠯᠬᠤ ᠥᠬᠡᠶ ᠭᠡᠵᠡᠢ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠡᠯᠡ ᠣᠷᠣᠭᠤᠯᠤᠯᠲᠠ ᠶᠢᠨ | ᠭᠠᠵᠠᠷ ᠤᠨ ᠰᠤᠳᠤᠯᠤᠭᠴᠢ ᠯᠢᠦ ᠯᠢᠨ ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠦᠢᠯᠡᠳᠦᠯ ᠠᠴᠠ ᠪᠣᠯᠵᠣ᠂ 2021 | ᠣᠨ ᠠᠴᠠ ᠨᠠᠰᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠭᠠᠵᠠᠷ ᠠᠪᠬᠤ᠂ | ᠲᠠᠸᠠᠷ ᠤᠨ ᠬᠡᠷ ᠪᠠᠶᠢᠰᠢᠩ ᠢ ᠰᠢᠨ᠎ᠡ ᠪᠠᠷ ᠡᠬᠢᠯᠡᠭᠦᠯᠦᠭᠰᠡᠨ ᠲᠠᠯᠠᠪᠠᠶ ᠦᠷᠭᠦᠯᠵᠢᠯᠡᠨ ᠪᠠᠭᠤᠷᠠᠭᠰᠠᠨ ᠤ ᠳᠡᠭᠡᠷ᠎ᠡ | ᠨᠢᠳᠤᠨᠤᠨ ᠵᠢᠯ ᠤᠨ ᠪᠠᠳᠤᠯᠠᠭᠠᠳᠤ ᠲᠤᠰᠢᠶᠠᠬᠤ ᠬᠡᠷ ᠪᠠᠶᠢᠰᠢᠩ ᠤᠨ ᠠᠵᠢᠯ ᠨᠢ ᠬᠡᠷ ᠪᠠᠶᠢᠰᠢᠩ ᠤᠨ ᠠᠵᠤ | ᠠᠬᠤᠶᠢᠯᠠᠯ ᠤᠨ ᠠᠵᠢᠯ ᠳᠠᠭᠤᠰᠤᠭᠰᠠᠨ ᠲᠤᠭ᠎ᠠ ᠬᠡᠮᠵᠢᠶ᠎ᠡ ᠶᠡᠭᠡ ᠪᠠᠷ ᠨᠡᠮᠡᠭᠳᠡᠬᠦ ᠶᠢ ᠳᠠᠶᠢᠴᠢᠯᠠᠭᠰᠠᠨ ᠠᠴᠠ ᠳᠡᠭᠡᠷ᠎ᠡ | ᠬᠠᠭᠠᠰ ᠵᠢᠯ ᠳᠤ ᠬᠡᠷ ᠪᠠᠶᠢᠰᠢᠩ ᠤᠨ ᠠᠵᠤ ᠠᠬᠤᠶᠢᠯᠠᠯ ᠤᠨ ᠲᠤᠰᠢᠶᠠᠭᠰᠠᠨ ᠲᠤᠭ᠎ᠠ ᠬᠡᠮᠵᠢᠶ᠎ᠡ ᠪᠠᠭᠠᠰᠤᠭᠰᠠᠨ ᠨᠢ | ᠬᠡᠪ ᠤᠨ ᠶᠠᠪᠤᠳᠠᠯ ᠪᠤᠯᠤᠨ᠎ᠠ ᠭᠡᠵᠡᠢ᠃ | ᠰᠤᠷᠪᠤᠯᠵᠢᠯᠠᠭᠴᠢ ᠣᠯᠵᠤ ᠮᠡᠳᠡᠭᠰᠡᠨ ᠨᠢ᠂ ᠴᠠᠭ ᠲᠤᠬᠠᠢ ᠳᠤᠨᠢ ᠲᠤᠰᠢᠶᠠᠭᠰᠠᠨ ᠰᠠᠭᠤᠷᠢᠨ ᠳᠡᠭᠡᠷ᠎ᠡ᠂ ᠬᠡᠰᠡᠭ | ᠭᠡᠷ ᠪᠠᠶᠢᠰᠢᠩ ᠤᠨ ᠠᠵᠤ ᠠᠬᠤᠶᠢᠯᠠᠯ ᠪᠠᠰᠠ ᠤᠷᠢᠳᠴᠢᠯᠠᠨ ᠲᠤᠰᠢᠶᠠᠵᠤ᠂ ᠲᠤᠰᠢᠶᠠᠨ ᠥᠭᠬᠦ ᠶᠢᠨ ᠶᠠᠰᠤ ᠴᠢᠨᠠᠷ | ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠪᠡ᠃ ᠲᠤᠭ᠎ᠠ ᠪᠠᠷᠢᠮᠲᠠ ᠠᠴᠠ ᠦᠵᠡᠪᠡᠯ᠂ | ᠡᠨᠡ ᠵᠢᠯ ᠤᠨ 1~ 6 ᠳ᠋ᠤᠭᠠᠷ ᠰᠠᠷ᠎ᠠ ᠳᠤ᠂ ᠯᠦᠩ ᠬᠤ᠋ ᠪᠠᠷᠤᠭ 5 ᠲᠦᠮᠡᠨ ᠢᠵᠢ ᠣᠷᠣᠨ ᠰᠠᠭᠤᠴᠠ ᠲᠤᠰᠢᠶᠠᠵᠤ | ᠂ 20% ᠶᠢᠨ ᠲᠥᠷᠥᠯ ᠵᠦᠢᠯ ᠨᠢ ᠤᠷᠢᠳᠴᠢᠯᠠᠨ ᠲᠤᠰᠢᠶᠠᠪᠠ᠂ ᠲᠤᠰᠢᠶᠠᠭᠰᠠᠨ ᠬᠠᠨᠤᠮᠵᠢ ᠶᠢᠨ ᠬᠡᠮᠵᠢᠶ᠎ᠡ | 90% ᠳᠤ ᠬᠦᠷᠪᠡ︔ ᠵᠦᠩ ᠬᠠᠢ ᠪᠠᠷᠤᠭ 3 ᠬᠤᠪᠢ ᠶᠢᠨ ᠲᠦᠷᠦᠯ ᠵᠦᠢᠯ ᠢ ᠤᠷᠢᠳᠴᠢᠯᠠᠨ ᠲᠤᠰᠢᠶᠠᠵᠤ᠂ | ᠬᠠᠨᠤᠮᠵᠢ ᠶᠢᠨ ᠬᠡᠮᠵᠢᠶ᠎ᠡ 91% ᠳᠤ ᠬᠦᠷᠴᠡᠢ᠃ ᠶᠢᠨ ᠳ᠋ᠢ 70 ᠭᠠᠷᠤᠢ ᠬᠤᠲᠠ ᠳᠤ ᠳᠤᠰᠢᠶᠠᠵᠤ ᠦᠭᠭᠦᠭᠰᠡᠨ | ᠪᠠᠷᠤᠭ 4.3 ᠲᠦᠮᠡᠨ ᠢᠵᠢ ᠰᠢᠨ᠎ᠡ ᠣᠷᠣᠨ ᠰᠠᠭᠤᠴᠠ ᠶᠢᠨ ᠲᠤᠳᠤᠷ᠎ᠠ ᠬᠡᠰᠡᠭ ᠲᠥᠷᠥᠯ ᠵᠦᠢᠯ ᠢ ᠤᠷᠢᠳᠴᠢᠯᠠᠨ | ᠲᠤᠰᠢᠶᠠᠵᠦ᠂ ᠭᠡᠷ ᠪᠠᠶᠢᠰᠢᠩ ᠢᠶᠠᠨ ᠲᠤᠰᠢᠶᠠᠪᠠᠯ ᠳᠠᠷᠤᠢ ᠦᠨᠡᠮᠯᠡᠯ ᠭᠦᠢᠴᠡᠳᠭᠡᠵᠦ᠂ ᠬᠡᠷᠡᠭᠯᠡᠭᠴᠢᠳ ᠤᠨ | ᠬᠠᠨᠤᠮᠵᠢ ᠶᠢᠨ ᠬᠡᠮᠵᠢᠶ᠎ᠡ ᠴᠦ 90% ᠶᠢ ᠳᠠᠪᠠᠵᠠᠢ ᠁ | ᠡᠨᠡ ᠨᠢ ︽ᠴᠠᠭᠠᠨ ᠨᠡᠷᠡᠰ︾ ᠤᠨ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ︾᠃ ︽ᠴᠠᠭᠠᠨ ᠨᠡᠷᠡᠰ ︾ ᠤᠨ ᠲᠣᠭᠲᠠᠴᠠ ᠪᠡᠯᠡᠨ | ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠢ ᠬᠦᠴᠦᠲᠡᠶ ᠠᠬᠢᠭᠤᠯᠪᠠ᠃ 2009 ᠣᠠ ᠠᠴᠠ | ᠨᠠᠰᠢ᠂ ᠡᠨᠠ ᠵᠢᠯ ᠤᠨ 2 ᠳ᠋ᠤᠭᠠᠷ ᠰᠠᠷ᠎ᠠ ᠪᠤᠯᠳᠠᠯ᠎ᠠ ᠰᠢᠨ᠎ᠠ ᠪᠠᠷ ᠪᠠᠶᠢᠭᠤᠯᠣᠬᠰᠠᠨ ᠲᠠᠧᠠᠷ ᠤᠨ ᠬᠡᠷ ᠪᠠᠶᠢᠰᠢᠩ ᠤᠨ | ᠪᠤᠷᠣᠯᠠᠭᠤᠯᠣᠯᠲᠠ ᠳᠤ ᠪᠡᠯᠡᠨ ᠬᠡᠷ ᠪᠠᠶᠢᠰᠢᠩ ᠤᠨ ᠡᠵᠠᠯᠠᠯᠲᠠ ᠨᠢ ᠠᠩᠬ᠎ᠠ ᠣᠲᠠᠭ᠎ᠠ 30% ᠠᠴᠠ ᠲᠠᠪᠠᠭᠰᠠᠨ | ᠮᠦᠷᠳᠡᠭᠡᠨ ᠳᠣᠬᠲᠠᠪᠤᠷᠢᠵᠢᠭᠤᠯᠵᠤ᠂ ᠳᠦᠷᠣᠭᠦᠤ ᠬᠤᠶᠠᠷ ᠵᠢᠯ ᠤᠨ ᠵᠦᠪᠬᠡᠨ 15% ᠠᠴᠠ 20% | ᠪᠠᠶᠢᠭᠰᠠᠨ ᠠᠴᠠ ᠢᠯᠡᠳᠳᠡ ᠲᠡᠭᠡᠭᠰᠢᠯᠡᠵᠡᠢ᠃ ᠡᠭᠦᠨ ᠤ ᠬᠠᠮᠲᠤ᠂ ᠡᠨᠡ ᠵᠢᠯ ᠤᠨ 1 ~ 5 ᠳ᠋ᠤᠭᠠᠷ ᠰᠠᠷ᠎ᠠ ᠳᠤ | ᠪᠥᠬᠦ ᠤᠯᠤᠰ ᠤᠨ ᠲᠠᠸᠠᠷ ᠤᠨ ᠣᠷᠣᠨ ᠰᠠᠭᠤᠴᠠ ᠶᠢᠨ ᠪᠡᠯᠡᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ | ᠨᠡᠶᠢᠲᠡ 8239 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23. | 8% ᠪᠠᠷ ᠨᠡᠮᠡᠭᠳᠡᠭᠰᠡᠨ ᠪᠥᠭᠡᠳ ᠪᠠᠷᠤᠭ ᠭᠤᠷᠪᠠᠨ ᠰᠠᠷ᠎ᠠ ᠰᠢᠬᠠᠮ ᠦᠷᠭᠦᠯᠵᠢᠯᠡᠨ ᠦᠷᠭᠡᠵᠢᠪᠡ᠃ ︽ᠡᠨᠡ ᠨᠢ ᠭᠡᠷ | ᠪᠠᠶᠢᠰᠢᠩ ᠲᠤᠰᠢᠶᠠᠬᠤ ᠶᠢ ᠪᠠᠳᠤᠯᠠᠭᠰᠠᠨ ᠪᠠᠶᠢᠳᠠᠯ ᠳᠣᠣᠷ᠎ᠠ᠂ ᠰᠢᠨ᠎ᠡ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ | ᠬᠡᠷᠡᠭᠴᠡᠭᠡ ᠶᠢᠨ ᠳᠠᠯᠳᠠ ᠬᠦᠴᠦᠨ ᠮᠥᠨ ᠯᠡ ᠨᠡᠯᠢᠶᠡᠳ ᠶᠡᠭᠡ ᠪᠠᠶᠢᠵᠤ᠂ ᠠᠷᠠᠳ ᠢᠷᠭᠡᠳ ᠮᠥᠨ ᠯᠡ ᠭᠡᠷ | ᠬᠤᠳᠠᠯᠳᠤᠨ ᠠᠪᠬᠤ ᠬᠦᠰᠡᠯ ᠲᠠᠢ ᠪᠠᠶᠢᠬᠤ ᠶᠢ ᠬᠠᠷᠠᠭᠤᠯᠵᠤ ᠪᠠᠶᠢᠨ᠎ᠠ︾ ᠭᠡᠵᠦ ᠴᠧᠨ ᠵᠢᠶᠧ ᠢᠯᠡᠷᠬᠡᠶᠢᠯᠡᠪᠡ᠃ | ᠡᠶᠢᠮᠦ ᠠᠴᠠ᠂ ᠣᠳᠣᠬᠠᠨ ᠤ ᠲᠡᠷᠢᠭᠦᠨ ᠴᠢᠬᠤᠯᠠ ᠡᠭᠦᠷᠭᠡ ᠪᠣᠯ ︽ᠴᠠᠭᠠᠨ ᠨᠡᠷᠡᠰ ︾ ᠤᠨ ᠲᠥᠷᠥᠯ | ᠵᠦᠢᠯ ᠤᠨ ᠬᠠᠮᠤᠷᠬᠤ ᠬᠡᠪᠴᠢᠶ᠎ᠡ ᠶᠢ ᠲᠦᠷᠭᠡᠳᠬᠡᠨ ᠥᠷᠭᠡᠳᠬᠡᠵᠦ᠂ ᠬᠡᠷ ᠪᠠᠶᠢᠰᠢᠩ ᠲᠤᠰᠢᠶᠠᠬᠤ ᠶᠢ ᠪᠠᠲᠤᠯᠠᠬᠤ | ᠶᠠᠪᠤᠳᠠᠯ ᠪᠣᠯᠤᠨ᠎ᠠ᠃ ︽︿ᠴᠠᠭᠠᠨ ᠨᠡᠷᠡᠰ﹀ ᠤᠨ ᠲᠣᠭᠲᠠᠴᠠ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ | ᠠᠵᠢᠯ ᠤᠨ ᠠᠴᠢ ᠬᠤᠯᠪᠣᠭᠳᠠᠯ ᠤᠨ ᠦᠨ᠎ᠡ ᠥᠷᠲᠡᠭ ᠢ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠳᠤ | ᠬᠢᠵᠠᠭᠠᠷᠯᠭᠳᠠᠵᠤ ᠪᠤᠯᠬᠤ ᠥᠬᠡᠶ᠂ ᠨᠠᠩ ᠴᠤ ᠪᠡᠯᠡᠨ ᠬᠡᠷ ᠪᠠᠶᠢᠰᠢᠩ ᠤᠨ ᠪᠣᠷᠣᠯᠠᠭᠤᠯᠭ᠎ᠠ ᠶᠢᠨ ᠨᠣᠷᠮ᠎ᠠ ᠶᠢ | ᠳᠡᠭᠡᠭᠰᠢᠯᠡᠭᠦᠯᠬᠦ᠂ ᠠᠷᠠᠳ ᠣᠯᠠᠨ ᠳᠤ ᠰᠠᠨᠠᠭ᠎ᠠ ᠠᠮᠤᠷ᠂ ᠰᠡᠳᠬᠢᠯ ᠠᠮᠦᠷ᠂ ᠲᠠᠭᠠᠯᠠᠮᠵᠢᠳᠠᠢ ᠬᠡᠷ ᠪᠠᠶᠢᠰᠢᠩ | ᠬᠤᠳᠠᠯᠳᠤᠨ ᠠᠪᠬᠤ ᠬᠠᠷᠠᠯᠲᠠ ᠶᠢ ᠲᠠᠨᠢᠭᠤᠯᠬᠤ ᠬᠡᠷᠡᠭᠲᠡᠶ︾᠃ ᠳᠤᠭᠲᠠᠴᠠ ᠶᠢᠨ ᠪᠠᠲᠤᠯᠠᠭ᠎ᠠ ᠪᠠ ᠳᠦᠷᠦ ᠶᠢᠨ | ᠪᠤᠲᠤᠯᠭ᠎ᠠ ᠶᠢᠨ ᠲᠡᠮᠵᠢᠯᠬᠡ ᠶᠢᠨ ᠡᠷᠴᠢᠮ ᠢ ᠴᠢᠩᠬᠠᠷᠠᠭᠤᠯᠵᠤ᠂ ᠠᠷᠠᠳ ᠤᠯᠠᠨ ᠤ ᠬᠤᠲᠠᠯᠲᠤᠨ ᠠᠪᠬᠤ ᠭᠡᠪᠡᠯ | ᠬᠤᠳᠠᠯᠳᠤᠨ ᠠᠪᠴᠦ᠂ ᠵᠤᠷᠢᠭᠲᠠᠢ ᠬᠤᠲᠠᠯᠲᠤᠨ ᠠᠪᠬᠤ᠂ ᠲᠤᠷᠠᠲᠠᠢ ᠬᠤᠲᠠᠯᠲᠤᠨ ᠠᠪᠬᠤ ᠪᠠ ᠨᠡᠩ ᠰᠠᠶᠢᠨ ᠭᠡᠷ ᠢ | ᠬᠤᠲᠠᠯᠲᠤᠨ ᠠᠪᠤᠭᠤᠯᠪᠠᠯ ᠰᠠᠶ᠋ᠢ ᠵᠠᠬ᠎ᠠ ᠲᠡᠯᠭᠡᠭᠦᠷ ᠤᠨ ᠠᠵᠤ ᠠᠬᠤᠶᠢᠯᠠᠯ ᠤᠨ ᠲᠤᠭᠲᠠᠭᠤᠨ ᠲᠡᠬᠡᠭᠰᠢᠯᠡᠯᠲᠡ ᠳᠤ ᠨᠡᠩ | ᠰᠠᠶᠢᠨ ᠬᠦᠴᠦᠨ ᠨᠡᠮᠡᠷᠢᠯᠡᠵᠦ ᠴᠢᠳᠠᠨ᠎ᠠ ᠭᠡᠵᠤ ᠴᠧᠨ ᠵᠢᠶᠧ ᠦᠵᠡᠵᠦ ᠪᠠᠶᠢᠨ᠎ᠠ᠃ | ᠯᠢᠦ ᠬᠦᠶ ᠸᠧᠨ᠂ ︽ᠴᠠᠭᠠᠨ ᠨᠡᠷᠡᠰ ︾ ᠤᠨ ᠲᠦᠷᠢᠮ ᠨᠢ ᠲᠥᠷᠥᠯ ᠵᠦᠢᠯ ᠬᠢᠭᠡᠳ ᠲᠦᠭᠰᠢᠭᠦᠷᠢ | ᠭᠠᠷᠤᠭᠰᠠᠨ ᠠᠵᠤ ᠠᠬᠤᠶᠢᠯᠠᠯ ᠤᠨ ᠬᠤᠭᠤᠷᠣᠨᠳᠣᠬᠢ ᠲᠦᠭᠰᠢᠭᠦᠷᠢ ᠶᠢ ᠪᠦᠲᠦᠮᠵᠢᠲᠡᠶ ᠲᠤᠰᠠᠭᠠᠷᠯᠠᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢ ᠲᠣᠭᠲᠠᠭᠠᠯ ᠳᠤ ᠨᠡᠶᠢᠴᠡᠬᠦ ᠬᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠢᠯ ᠳᠤ ᠨᠠᠷᠢᠯᠢᠭ ᠣᠨᠣᠴᠠᠲᠠᠶ ᠪᠠᠷ ᠲᠠᠯᠪᠢᠬᠤ ᠶᠢ ᠬᠥᠲᠥᠯᠦᠨ ᠵᠢᠯᠣᠭᠤᠳᠴᠤ᠂ ︽ᠪᠠᠳᠤᠯᠠᠭᠠᠳᠤ | ᠲᠤᠰᠢᠶᠠᠬᠤ ᠬᠡᠷ ᠪᠠᠶᠢᠰᠢᠩ︾ ᠤᠨ ᠬᠠᠷᠠᠯᠲᠠ ᠶᠢ ᠪᠡᠶᠡᠯᠡᠭᠦᠯᠬᠦ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠬᠤ ᠳᠤ ᠢᠯᠡᠷᠬᠡᠶ ᠦᠢᠯᠡᠳᠦᠯ ᠦᠵᠡᠭᠦᠯᠪᠡ᠃ ︽ᠨᠠᠩ ᠴᠢᠬᠤᠯᠠ ᠨᠢ᠂ ︿ᠴᠠᠭᠠᠨ | ᠨᠡᠷᠡᠰ﹀ ᠤᠨ ᠲᠦᠷᠢᠮ ᠨᠢ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠰᠢᠨ᠎ᠡ ᠠᠮᠢ ᠠᠬᠤᠶ | ᠪᠠ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠳᠤ ᠴᠢᠬᠤᠯᠠ ᠪᠥᠭᠡᠳ ᠠᠯᠤᠰ ᠬᠡᠲᠦ ᠶᠢᠨ ᠨᠥᠯᠥᠭᠡ ᠲᠠᠢ | ᠪᠠᠶᠢᠬᠤ ᠶᠢᠨ ᠬᠠᠮᠲᠤ᠂ ︿ᠬᠥᠮᠦᠨ᠂ ᠬᠡᠷ ᠪᠠᠶᠢᠰᠢᠩ᠂ ᠭᠠᠵᠠᠷ᠂ ᠵᠣᠭᠤᠰ﹀ ᠤᠨ ᠬᠦᠴᠦᠨ ᠵᠦᠢᠯ ᠤᠨ ᠬᠤᠯᠪᠣᠭᠠᠯᠠᠨ | ᠬᠥᠳᠡᠯᠦᠯᠴᠡᠵᠦ ᠨᠡᠭᠡᠭᠡᠨ ᠬᠥᠭᠵᠢᠭᠦᠯᠬᠦ ᠵᠠᠭᠪᠤᠷ ᠢ ᠪᠠᠶᠢᠭᠤᠯᠬᠤ ᠶᠢ ᠠᠬᠢᠭᠤᠯᠵᠤ᠂ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠢ ᠢᠳᠡᠪᠬᠢᠲᠡᠶ ᠬᠥᠲᠥᠯᠦᠨ ᠵᠢᠯᠣᠭᠤᠳᠴᠤ ᠪᠠᠶᠢᠭᠠᠳ ᠲᠥᠷᠥᠯ ᠵᠦᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ︿ᠰᠠᠶᠢᠨ ᠬᠡᠷ﹀ ᠢ ᠪᠣᠶ ᠪᠣᠯᠭᠠᠵᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠠᠰᠢᠭᠲᠠᠶ ᠶᠤᠮ︾ ᠬᠡᠵᠡᠢ᠃ | ᠯᠢᠦ ᠯᠢᠨ᠂ 5 ᠳ᠋ᠤᠭᠠᠷ ᠰᠠᠷ᠎ᠠ ᠶᠢᠨ 17 ᠤ ᠡᠳᠦᠷ ᠪᠦᠭᠦ ᠤᠯᠤᠰ ᠤᠨ ᠪᠠᠳᠤᠯᠠᠭᠳᠤ ᠲᠤᠰᠢᠶᠠᠬᠤ ᠭᠡᠷ | ᠪᠠᠶᠢᠰᠢᠩ ᠤᠨ ᠠᠵᠢᠯ ᠤᠨ ᠸᠢᠳᠢᠤ᠋ ᠬᠤᠷᠠᠯ ᠢ ᠬᠤᠷᠠᠯᠲᠤᠭᠤᠯᠤᠭᠰᠠᠨ ᠤ ᠲᠠᠷᠠᠭ᠎ᠠ᠂ ᠡᠯ᠎ᠡ ᠭᠠᠵᠠᠷ ᠤᠨ ᠬᠢᠨ | ᠬᠤᠯᠪᠤᠭᠲᠠᠯ ᠪᠦᠭᠦᠢ ᠠᠵᠢᠯ ᠢ ᠢᠲᠡᠪᠭᠢᠲᠠᠢ ᠪᠠᠷ ᠠᠭᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠳᠤᠰᠢᠶᠠᠨ | ᠦᠭᠭᠦ ᠶᠢ ᠪᠠᠲᠤᠯᠠᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 4000 ᠭᠠᠷᠤᠶ ᠲᠥᠷᠥᠯ ᠵᠦᠢᠯ ᠨᠢ | ᠪᠠᠩᠬᠢ ᠶᠢᠨ ᠢᠲᠡᠭᠡᠮᠵᠢ ᠶᠢ 1.2 ᠲᠦᠮᠡᠨ ᠳ᠋ᠦᠩᠰᠢᠭᠤᠷ ᠲᠥᠭᠦᠷᠢᠭ ᠤᠯᠵᠦ᠂ ︿ᠴᠠᠭᠠᠨ ᠨᠡᠷᠡᠰ﹀ ᠤᠨ ᠲᠦᠷᠢᠮ | ᠨᠢ ᠪᠠᠳᠤᠯᠠᠭᠳᠤ ᠲᠤᠰᠢᠶᠠᠬᠤ ᠭᠡᠷ ᠪᠠᠶᠢᠰᠢᠩ ᠤᠨ ᠠᠵᠢᠯ ᠳᠤ ᠴᠢᠬᠤᠯᠠ ᠦᠢᠯᠡᠳᠦᠯ ᠦᠵᠡᠭᠦᠯᠪᠡ᠃ ᠬᠢᠨᠠᠨ | ᠬᠠᠮᠢᠶᠠᠷᠤᠯᠳᠠ ᠶᠢᠨ ᠰᠠᠯᠠᠭ᠎ᠠ ᠮᠥᠴᠢᠷ ᠦᠷᠭᠦᠯᠵᠢᠯᠡᠨ ᠪᠠᠳᠤᠯᠠᠭᠳᠤ ᠲᠤᠰᠢᠶᠠᠬᠤ ᠭᠡᠷ ᠪᠠᠶᠢᠰᠢᠩ ᠤᠨ ᠠᠵᠢᠯ ᠤᠨ | ᠵᠢᠯᠣᠭᠤᠳᠣᠯᠭ᠎ᠠ ᠪᠠᠨ ᠴᠢᠩᠭᠠᠳᠬᠠᠬᠤ ᠶᠢᠨ ᠬᠠᠮᠳᠤ ︽ᠴᠠᠭᠠᠨ ᠨᠡᠷᠡᠰ︾ ᠤᠨ ᠬᠡᠷ ᠪᠠᠶᠢᠰᠢᠩ ᠤᠨ ᠠᠵᠤ | ᠠᠬᠤᠶᠢᠯᠠᠯ ᠤᠨ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠲᠦᠷᠭᠡᠳᠬᠡᠨ | ᠨᠠᠶᠢᠳᠠᠪᠦᠷᠢᠵᠢᠭᠤᠯᠵᠤ᠂ ᠢᠯᠡᠳᠲᠡ ᠦᠷ᠎ᠡ ᠪᠦᠲᠦᠮᠵᠢ ᠤᠯᠵᠠᠢ᠂ ︽ᠡᠨᠡ ᠵᠢᠯ ᠤᠨ ᠳᠣᠤᠷ᠎ᠠ ᠬᠠᠭᠠᠰ ᠵᠢᠯ ᠳᠤ ᠬᠡᠷ | ᠪᠠᠶᠢᠰᠢᠩ ᠤᠨ ᠠᠵᠤ ᠠᠬᠤᠶᠢᠯᠠᠯ ᠤᠨ ᠲᠤᠰᠢᠶᠠᠨ ᠦᠭᠬᠦ ᠪᠠᠶᠢᠳᠠᠯ ᠨᠠᠩ ᠪᠠᠲᠤᠯᠠᠭ᠎ᠠ ᠲᠠᠢ ᠪᠣᠯᠤᠨ᠎ᠠ︾ ᠭᠡᠪᠡ᠃ |