ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ | 6 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠲᠤᠭᠳᠠᠬᠤ ᠰᠢᠶᠠᠨ ᠤ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠨᠡᠶᠢᠲᠡ 8 ᠡᠷᠦᠬᠡ ᠪᠠᠶᠢᠵᠤ᠂ 1-6 ᠳ᠋ᠤᠭᠡᠷ ᠰᠠᠷ᠎ᠠ ᠳᠤ ᠨᠡᠶᠢᠲᠡ 8876.5 ᠲᠦᠮᠡᠨ | ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ | ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ -21.38% ᠪᠣᠯᠵᠠᠢ᠃ | ᠠᠵᠢᠯ ᠲᠥᠷᠥᠯ ᠢᠶᠠᠷ ᠨᠢ 4 ᠶᠡᠭᠡ ᠲᠥᠷᠥᠯ ᠳᠤ ᠬᠤᠪᠢᠶᠠᠨ᠎ᠠ᠄ | ᠨᠢᠭᠡ᠂ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ︔ | ᠬᠤᠶᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ︔ | ᠭᠤᠷᠪᠠ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︔ | ᠳᠥᠷᠪᠡ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︔ | ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ 4 ᠡᠷᠦᠬᠡ ᠪᠠᠶᠢᠵᠤ | ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 4447.1 ᠲᠦᠮᠡᠨ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ - 47.89% ᠳᠤ ᠬᠦᠷᠴᠡᠢ︔ ᠭᠡᠷ | ᠪᠠᠶᠢᠰᠢᠩ ᠭᠠᠵᠠᠷ ᠬᠥᠷᠥᠩᠭᠡ ᠶᠢᠨ ᠦᠢᠯᠡᠰ 2 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 2086. | 5 ᠲᠦᠮᠡᠨ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ | ᠨᠡᠮᠡᠭᠳᠡᠯ ᠤᠨ ᠬᠤᠷᠳᠤᠴᠠ ᠨᠢ 154.61% ᠪᠣᠯᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ 1 ᠡᠷᠦᠬᠡ ᠪᠠᠶᠢᠵᠤ᠂ ᠨᠡᠶᠢᠲᠡ 1978.5 ᠲᠦᠮᠡᠨ ᠲᠥᠭᠦᠷᠢᠭ ᠤᠨ ᠡᠵᠡᠩᠨᠡᠯᠲᠡ ᠶᠢᠨ | ᠣᠷᠣᠯᠭ᠎ᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ | ᠬᠤᠷᠳᠤᠴᠠ ᠨᠢ 16.71% ᠪᠣᠯᠪᠠ︔ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ 1 ᠡᠷᠦᠬᠡ | ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 364.4 ᠲᠦᠮᠡᠨ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 50.64% ᠬᠦᠷᠴᠡᠢ᠃ | |