︽ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠵᠠᠷᠭᠤ ᠡᠶᠡᠳᠡᠭᠦᠯᠭᠡ ᠶᠢ ᠵᠣᠯᠭᠠᠭᠤᠯᠬᠤ ᠠᠵᠢᠯ ᠤᠨ ᠲᠠᠰᠤᠭ︾ ᠲᠣᠭᠲᠠᠬᠤ ᠰᠢᠶᠠᠨ ᠳᠤ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/7/24
      ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠥᠪᠥᠷ ᠮᠣᠩᠭᠤᠯ ᠤᠨ ᠰᠣᠨᠢᠨ ᠮᠡᠳᠡᠭᠡᠨ ᠤ 7 ᠳ᠋ᠤᠭᠠᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠬᠢᠭᠡᠳ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠤᠭ᠎ᠠ ︽ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠵᠠᠷᠭᠤ ᠡᠶᠡᠳᠡᠭᠦᠯᠭᠡ ᠶᠢ ᠵᠣᠯᠭᠠᠭᠤᠯᠬᠤ ᠠᠵᠢᠯ ᠤᠨ ᠲᠠᠰᠤᠭ︾ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃
     ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠯᠦ ᠰᠢᠤᠸᠠᠢ ᠹᠧᠩ ᠲᠣᠭᠲᠠᠬᠤ ᠰᠢᠶᠠᠨ ᠤ ᠵᠡᠮᠳᠡᠭᠴᠦᠳ ‍ᠤᠨ‌ᠬᠤᠯᠪᠤᠭ᠎ᠠ ᠶᠢᠨ ᠡᠷᠬᠡ ᠪᠠᠨ ᠬᠠᠮᠠᠭᠠᠯᠠᠬᠤ ᠬᠡᠯᠲᠡᠰ ᠤᠨ ᠡᠷᠬᠢᠯᠡᠭᠴᠢ ᠾᠧ ᠰᠢᠶᠤᠤ ᠬᠤᠸᠠ ᠬᠠᠮᠲᠤ ᠪᠠᠷ ᠠᠵᠢᠯᠯᠠᠬᠤ ᠲᠠᠰᠤᠭ ᠤᠨ ᠫᠠᠶᠢᠰᠠ ᠶᠢ ᠰᠡᠬᠦᠪᠡ᠃
   ᠲᠣᠭᠲᠠᠬᠤ ᠰᠢᠶᠠᠨ ᠤ ᠰᠢᠭᠦᠬᠦ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠬᠠᠷᠢᠭᠤᠴᠠᠯᠭᠠᠲᠠᠨ ᠵᠠᠩ ᠵᠢᠩ ᠠᠴᠠ᠂ ᠲᠤᠰ ᠠᠵᠢᠯ ᠤᠨ ᠲᠠᠰᠤᠭ ᠢ ᠪᠠᠶᠢᠭᠤᠯᠤᠭᠰᠠᠨ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠂ ᠲᠡᠷᠡ ᠴᠡᠭ ᠢᠶᠠᠷ ᠨᠡᠶᠢᠳᠡᠮ ᠢ ᠳᠠᠶᠢᠴᠢᠯᠠᠵᠤ᠂ ᠡᠯ᠎ᠡ ᠲᠠᠯ᠎ᠠ ᠶᠢᠨ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠪᠠᠲᠤᠯᠠᠭᠰᠠᠨ ᠰᠠᠭᠤᠷᠢᠨ ᠳᠡᠭᠡᠷ᠎ᠡ᠂ ᠵᠡᠮᠳᠡᠭᠴᠦᠳ ᠤᠨ ᠬᠠᠮᠲᠤᠯᠢᠭ ᠲᠤ ᠨᠡᠩ ᠳᠥᠭᠦᠮ ᠳᠥᠲᠡ ᠡᠶᠡᠳᠡᠭᠦᠯᠬᠦ ᠦᠢᠯᠡᠴᠢᠯᠡᠭᠡ ᠬᠠᠩᠭᠠᠵᠤ᠂ ᠬᠠᠤᠯᠢ ᠶᠣᠰᠣᠭᠠᠷ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠷ ᠵᠡᠮᠳᠡᠭᠴᠦᠳ ᠲᠤ ᠬᠤᠯᠪᠣᠭᠳᠠᠬᠤ ᠵᠢᠭᠤᠷᠠᠯᠳᠤᠭᠠᠨ ᠢ ᠰᠢᠢᠳᠪᠦᠷᠢᠯᠡᠵᠦ ᠴᠢᠳᠠᠨ᠎ᠠ᠃ ᠡᠭᠦᠨ ᠤ ᠬᠠᠮᠲᠤ᠂ ᠵᠡᠮᠳᠡᠭᠴᠦᠳ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠲᠡᠭᠦᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠂ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢᠶᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠶᠢᠨ ᠬᠢᠷᠢ  ᠲᠦᠪᠰᠢᠨ ᠢ ᠲᠡᠭᠡᠭᠰᠢᠯᠡᠭᠦᠯᠵᠦ ᠴᠢᠳᠠᠨ᠎ᠠ ᠭᠡᠵᠦ ᠢᠯᠡᠳᠬᠡᠪᠡ᠃
   ︽ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠵᠠᠷᠭᠤ ᠡᠶᠡᠳᠡᠭᠦᠯᠭᠡ ᠶᠢ ᠵᠣᠯᠭᠠᠭᠤᠯᠬᠤ ᠠᠵᠢᠯ ᠤᠨ ᠲᠠᠰᠤᠭ︾ ᠢ ᠪᠠᠶᠢᠭᠤᠯᠤᠭᠰᠠᠨ ᠶᠠᠪᠤᠳᠠᠯ ᠪᠣᠯ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠠᠷᠠᠳ ᠤᠨ ᠳᠡᠭᠡᠳᠦ ᠰᠢᠭᠦᠬᠦ ᠬᠤᠷᠢᠶ᠎ᠠ ᠬᠢᠭᠡᠳ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ︽ᠶᠡᠷᠦᠩᠬᠡᠶᠢᠯᠡᠭᠰᠡᠨ︾ ᠰᠦᠯᠵᠢᠶᠡᠨ ᠳᠡᠭᠡᠷᠡᠬᠢ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ᠎ᠠ᠃ ᠵᠡᠮᠳᠡᠭᠴᠦᠳ ᠤᠨ ᠬᠤᠯᠪᠣᠭ᠎ᠠ ᠶᠢᠨ ᠡᠶᠡᠳᠡᠭᠦᠯᠦᠭᠴᠢ ᠠᠵᠢᠯᠯᠠᠬᠤ ᠲᠠᠰᠤᠭ ᠤᠨ ᠡᠨᠡ ᠬᠦ ᠲᠠᠪᠴᠠᠩ ᠳᠤ ᠲᠦᠰᠢᠭᠯᠡᠨ᠂ ᠵᠡᠮᠳᠡᠭᠴᠦᠳ ᠲᠤ ᠬᠤᠯᠪᠣᠭᠳᠠᠭᠰᠠᠨ ᠵᠢᠭᠤᠷᠠᠯᠳᠤᠭᠠᠨ ᠤ ᠬᠡᠷᠡᠭ ᠢ ᠡᠶᠡᠳᠡᠭᠦᠯᠵᠦ ᠴᠢᠳᠠᠬᠤ ᠪᠠᠷ ᠪᠠᠷᠠᠬᠤ ᠥᠬᠡᠶ᠂ ᠪᠠᠰᠠ ᠡᠯ᠎ᠡ ᠲᠥᠷᠥᠯ ᠤᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠤ ᠬᠡᠷᠡᠭ ᠢ ᠰᠢᠢᠳᠪᠦᠷᠢᠯᠡᠵᠦ᠂ ᠣᠯᠠᠨ ᠲᠠᠯ᠎ᠠ᠂ ᠣᠯᠠᠨ ᠬᠦᠷᠢᠶ᠎ᠡ ᠴᠠᠷᠠᠭ᠎ᠠ᠂ ᠣᠯᠠᠨ ᠬᠠᠷᠠᠭᠠᠰᠤ ᠠᠴᠠ ᠡᠶᠡᠳᠡᠭᠦᠯᠬᠦ ᠠᠵᠢᠯ ᠳᠤ ᠣᠷᠣᠯᠴᠠᠬᠤ ᠶᠢ ᠪᠡᠶᠡᠯᠡᠭᠦᠯᠵᠦ ᠴᠢᠳᠠᠨ᠎ᠠ᠃      ᠣᠶᠢᠯᠠᠭᠠᠭᠰᠠᠨ ᠢᠶᠠᠷ᠂ ᠫᠠᠶᠢᠰᠠ ᠡᠯᠭᠦᠭᠰᠡᠨ ᠠᠩᠬᠠᠨ ᠤ ᠡᠳᠦᠷ᠂ ᠠᠵᠢᠯᠯᠠᠬᠤ ᠲᠠᠰᠤᠭ ᠤᠨ ᠡᠶᠡᠳᠡᠭᠦᠯᠦᠭᠴᠢ ᠦᠳᠲᠡᠷ ᠲᠦᠷᠭᠡᠨ ᠠᠵᠢᠯ ᠢᠶᠠᠨ ᠡᠬᠢᠯᠡᠭᠦᠯᠵᠦ᠂ ᠠᠷᠠᠳ ᠤᠨ ᠬᠤᠭᠤᠷᠣᠨᠳᠣᠬᠢ ᠵᠢᠭᠡᠯᠡᠯᠭᠡ ᠠᠴᠠ ᠪᠣᠯᠤᠭᠰᠠᠨ ᠨᠢᠭᠡ ᠤᠳᠠᠭᠠᠨ ᠤ ᠵᠢᠭᠤᠷᠠᠯᠳᠤᠭᠠᠨ ᠤ ᠬᠡᠷᠡᠭ ᠢ ᠠᠮᠵᠢᠯᠲᠠ ᠲᠠᠢ ᠪᠠᠷ ᠡᠶᠡᠳᠡᠭᠦᠯᠪᠡ᠃ ᠡᠶᠡᠳᠡᠭᠦᠯᠬᠦ ᠶᠠᠪᠤᠴᠠ ᠳᠤ᠂ ᠡᠶᠡᠳᠡᠭᠦᠯᠦᠭᠴᠢ ᠠᠴᠠ ᠭᠡᠷ ᠪᠦᠯᠢ᠂ ᠨᠡᠶᠢᠭᠡᠮ᠂ ᠬᠠᠤᠯᠢ ᠴᠠᠭᠠᠵᠠ ᠵᠡᠷᠭᠡ ᠤᠯᠠᠨ ᠳᠠᠪᠬᠤᠷᠭ᠎ᠠ ᠠᠴᠠ ᠬᠠᠤᠯᠢ ᠴᠠᠭᠠᠵᠠ ᠲᠠᠶᠢᠯᠪᠤᠷᠢᠯᠠᠵᠤ᠂ ᠨᠢᠭᠡ ᠴᠠᠭ ᠭᠠᠷᠤᠶ ᠶᠢᠨ ᠬᠦᠯᠢᠴᠡᠩᠭᠦᠶ ᠡᠶᠡᠳᠡᠭᠦᠯᠭᠡ ᠪᠠᠷ ᠳᠡᠮᠵᠢᠨ᠂ ᠬᠤᠶᠠᠷ ᠲᠠᠯ᠎ᠠ ᠪᠠᠷ ᠢᠶᠠᠨ ᠡᠴᠦᠰ ᠲᠡᠭᠡᠨ ᠡᠪᠰᠡᠯ ᠲᠠᠢ ᠪᠣᠯᠤᠭᠰᠠᠨ ᠪᠥᠭᠡᠳ ᠲᠡᠷᠡ ᠳᠠᠷᠤᠶ ᠳᠤᠨᠢ ᠡᠶᠡᠳᠡᠭᠦᠯᠬᠦ ᠬᠡᠯᠡᠯᠴᠡᠭᠡᠷ ᠲᠣᠭᠲᠠᠪᠠ᠃ ᠡᠨᠡ ᠪᠣᠯ ᠠᠵᠢᠯᠯᠠᠬᠤ ᠲᠠᠰᠤᠭ ᠪᠠᠶᠢᠭᠤᠯᠤᠭᠳᠠᠭᠰᠠᠨ ᠤ ᠳᠠᠷᠠᠭᠠᠬᠢ ᠠᠩᠬᠠᠳᠠᠭᠴᠢ ᠠᠮᠵᠢᠯᠲᠠ ᠲᠠᠢ ᠡᠶᠡᠳᠡᠭᠦᠯᠭᠡ ᠶᠢᠨ ᠬᠡᠷᠡᠭ ᠪᠣᠯᠤᠨ᠎ᠠ᠃    ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1