ᠬᠥᠬᠡᠬᠤᠲᠠ ᠶᠢᠨ ᠲᠣᠭᠲᠠᠬᠤ ᠰᠢᠶᠠᠨ᠄ ︽ᠳᠥᠷᠪᠡ ᠶᠢ ᠴᠢᠩᠭᠠᠳᠬᠠᠵᠤ ᠳᠥᠷᠪᠡ ᠶᠢ ᠳᠡᠭᠡᠭᠰᠢᠯᠡᠭᠦᠯᠬᠦ︾ ᠪᠠᠷ ᠳᠡᠭᠡᠳᠦ ᠡᠨᠧᠷᠭᠢ ᠶᠢᠨ ᠲᠠᠰ ᠤᠨ ᠴᠢᠳᠠᠪᠤᠷᠢᠲᠠᠨ ᠤ ᠠᠴᠢᠶᠠᠯᠠᠪᠤᠷᠢ ᠶᠢᠨ ᠲᠠᠪᠴᠠᠩ ᠢ ᠦᠷᠭᠦᠯᠵᠢᠯᠡᠨ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/7/24
      ᠡᠨᠡ ᠵᠢᠯ ᠠᠴᠠ ᠨᠠᠰᠢ᠂ ᠬᠥᠬᠡᠬᠤᠲᠠ ᠶᠢᠨ ᠲᠣᠭᠲᠠᠬᠤ ᠰᠢᠶᠠᠨ ᠪᠦᠬᠦ ᠤᠯᠤᠰ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠠᠵᠢᠯ ᠢ ᠬᠥᠭᠵᠢᠯᠲᠡ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠨᠠᠮ ᠠᠴᠠ ᠴᠢᠳᠠᠪᠤᠷᠢᠲᠠᠨ ᠢ ᠬᠠᠮᠢᠶᠠᠷᠬᠤ︾ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠢᠳᠠᠪᠤᠷᠢᠲᠠᠨ ᠤ ︽ᠠᠴᠢᠶᠠᠯᠠᠪᠤᠷᠢ ᠶᠢᠨ ᠲᠠᠪᠴᠠᠩ︾ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠨᠠᠷ ᠰᠠᠶᠢᠲᠠᠢ ᠲᠦᠷᠦ ᠶᠢᠨ ᠪᠤᠳᠤᠯᠭ᠎ᠠ ᠶᠢᠨ ᠣᠷᠴᠢᠨ ᠲᠣᠭᠤᠷᠢᠨ ᠢᠶᠠᠷ ᠴᠢᠳᠠᠪᠤᠷᠢᠲᠠᠨ ᠢ ᠴᠤᠭᠯᠠᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠪᠡ᠃      ᠴᠢᠳᠠᠪᠤᠷᠢᠲᠠᠨ ᠤ ᠦᠢᠯᠡᠴᠢᠯᠡᠭᠡᠨ ᠤ ︽ᠠᠴᠢᠶᠠᠯᠠᠪᠤᠷᠢ ᠶᠢᠨ ᠲᠠᠪᠴᠠᠩ︾ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠨᠢᠭᠡ ᠥᠷᠲᠡᠭᠡ ᠮᠠᠶ᠋ᠢᠭ︾ ᠤᠨ ᠴᠢᠳᠠᠪᠤᠷᠢᠲᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠦᠢᠯᠡᠴᠢᠯᠡᠭᠡᠨ ᠤ ᠴᠤᠩᠬᠤᠪᠴᠢ ᠭᠠᠷᠭᠠᠵᠤ᠂ ᠲᠤᠰᠬᠠᠶ ᠬᠥᠮᠦᠨ ᠳᠣᠭᠢᠷᠠᠭᠤᠯᠤᠨ ᠡᠯ᠎ᠡ ᠲᠥᠷᠥᠯ ᠤᠨ ᠴᠢᠳᠠᠪᠤᠷᠢᠲᠠᠨ ᠢ ᠬᠠᠪᠰᠤᠷᠤᠨ ᠨᠡᠷ᠎ᠡ ᠮᠡᠳᠡᠭᠦᠯᠬᠦ᠂ ᠡᠷᠦᠬᠡ ᠠᠮᠠ ᠣᠷᠣᠭᠤᠯᠬᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠨᠥᠬᠦᠪᠥᠷᠢ ᠭᠤᠶᠤᠴᠢᠯᠠᠨ ᠮᠡᠳᠡᠭᠦᠯᠬᠦ ᠠᠵᠢᠯ ᠢ ᠭᠦᠢᠴᠡᠳᠬᠡᠵᠦ᠂ ᠦᠨᠳᠦᠰᠦᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠡᠮᠴᠢᠯᠡᠭᠡ ᠵᠡᠷᠭᠡ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠵᠠᠯᠭᠠᠨ ᠥᠭᠴᠦ᠂ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠭᠦᠢᠴᠡᠳᠭᠡᠬᠦ᠂ ᠪᠥᠬᠦ ᠶᠠᠪᠤᠴᠠ ᠳᠤ ᠮᠥᠷᠳᠡᠬᠦ︾ ᠶᠢ  ᠪᠡᠶᠡᠯᠡᠭᠦᠯᠪᠡ᠃      ᠴᠢᠳᠠᠪᠤᠷᠢᠲᠠᠨ ᠤᠷᠢᠬᠤ ︽ᠠᠴᠢᠶᠠᠯᠠᠪᠤᠷᠢ ᠶᠢᠨ ᠲᠠᠪᠴᠠᠩ︾ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢ ᠲᠡᠭᠡᠭᠰᠢᠯᠡᠭᠦᠯᠪᠡ᠃ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠤᠨ ᠡᠬᠢ ᠪᠠᠶᠠᠯᠢᠭ ᠢ ᠬᠡᠷᠡᠭᠯᠡᠵᠦ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ ᠵᠡᠷᠭᠡ ᠨᠢᠭᠡᠴᠡ ᠲᠠᠢ ᠬᠠᠮᠲᠤᠷᠠᠨ᠂ ︽ᠤᠷᠢᠬᠠᠨ ᠰᠠᠯᠬᠢᠨ ᠤ ᠠᠵᠢᠯᠯᠠᠭ᠎ᠠ︾᠂ ︽ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ᠵᠡᠷᠭᠡ 2 ᠲᠠᠯᠠᠪᠤᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠯᠮᠦᠷᠢᠴᠢᠳ ᠤᠨ ᠠᠵᠢᠯ ᠡᠷᠢᠵᠦ ᠠᠵᠢᠯ ᠤᠯᠬᠤ ᠪᠠ ᠬᠥᠮᠦᠨ ᠬᠡᠷᠡᠭᠯᠡᠬᠦ ᠨᠢᠭᠡᠴᠡ ᠶᠢᠨ ᠠᠵᠢᠯᠲᠠᠨ ᠡᠯᠰᠡᠬᠦ ᠳᠤ ᠬᠠᠩᠭᠠᠯᠭ᠎ᠠ ᠬᠡᠷᠡᠭᠴᠡᠭᠡ ᠶᠢᠨ ᠲᠠᠪᠴᠠᠩ ᠪᠠᠶᠢᠭᠤᠯᠤᠨ ᠥᠭᠴᠦ᠂ 1000 ᠭᠠᠷᠤᠶ ᠣᠶᠤᠲᠠᠨ ᠠᠵᠤ ᠠᠬᠤᠶᠢᠯᠠᠯ ᠲᠠᠢ ᠠᠵᠢᠯ ᠤᠯᠬᠤ ᠰᠠᠨᠠᠮᠵᠢ ᠲᠣᠭᠲᠠᠪᠠ᠃      ᠬᠠᠮᠲᠤᠷᠠᠯᠴᠠᠨ ᠬᠠᠮᠵᠢᠯᠴᠠᠬᠤ ︽ᠠᠴᠢᠶᠠᠯᠠᠪᠤᠷᠢ ᠶᠢᠨ ᠲᠠᠪᠴᠠᠩ︾ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠳᠤ ᠦᠢᠯᠡᠴᠢᠯᠡᠬᠦ ᠬᠢᠷᠢ ᠲᠦᠪᠰᠢᠨ ᠢ ᠲᠡᠭᠡᠭᠰᠢᠯᠡᠭᠦᠯᠪᠡ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠪᠠᠶᠢᠭᠤᠯᠤᠮᠵᠢ ᠲᠠᠢ ᠬᠠᠮᠲᠤᠷᠠᠯᠴᠠᠬᠤ ᠪᠠᠷ ᠳᠠᠮᠵᠢᠭᠤᠯᠤᠨ᠂ ᠡᠮ ᠡᠮᠨᠡᠯᠭᠡ᠂ ᠲᠠᠷᠢᠶᠠᠯᠠᠩ ᠂ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠢ ᠤᠶᠠᠨ ᠬᠠᠲᠠᠨ ᠢᠶᠠᠷ ᠣᠷᠣᠭᠤᠯᠤᠨ ᠠᠪᠴᠢᠷᠠᠪᠠ ᠃ ᠲᠡᠷᠢᠭᠦᠨ ᠤ ᠮᠡᠷᠭᠡᠵᠢᠯ ᠢ ᠤᠯᠠᠮᠵᠢᠯᠠᠬᠤ᠂ ᠮᠡᠷᠭᠡᠵᠢᠯ ᠤᠨ ᠬᠠᠮᠵᠢᠯᠴᠠᠭ᠎ᠠ ᠰᠣᠯᠢᠯᠴᠠᠭ᠎ᠠ᠂ ᠵᠢᠭᠠᠨ ᠰᠤᠷᠭᠠᠯᠲᠠ ᠶᠢᠨ ᠵᠢᠯᠣᠭᠤᠳᠣᠯᠭ᠎ᠠ᠂ ᠮᠡᠷᠭᠡᠵᠢᠯ ᠤᠨ ᠪᠣᠯᠪᠠᠰᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠳᠤ ᠦᠢᠯᠡᠴᠢᠯᠡᠬᠦ ᠮᠡᠷᠭᠡᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠲᠤ ᠣᠯᠠᠨ ᠲᠦᠮᠡᠨ ᠳᠤ ᠴᠢᠨᠠᠷ ᠰᠠᠶᠢᠲᠠᠶ᠂ ᠣᠨᠣᠪᠴᠢᠲᠠᠶ᠂ ᠥᠨᠳᠥᠷ ᠪᠦᠲᠦᠮᠵᠢᠲᠡᠶ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠪᠠ᠃      ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ︽ᠠᠴᠢᠶᠠᠯᠠᠪᠤᠷᠢ ᠶᠢᠨ ᠲᠠᠪᠴᠠᠩ︾ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠦᠭᠵᠢᠯᠳᠡ ᠶᠢ ᠲᠡᠭᠡᠭᠰᠢᠯᠡᠭᠦᠯᠪᠡ᠃ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠲᠤᠰ ᠪᠡᠶ᠎ᠡ ᠶᠢᠨ ᠳᠠᠪᠠᠭᠤᠯᠢᠭ ᠲᠤ ᠰᠠᠭᠤᠷᠢᠯᠠᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠵᠤ᠂ ᠨᠢᠭᠡᠨᠲᠡ ᠪᠠᠶᠢᠭ᠎ᠠ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠳᠡᠰ ᠳᠡᠪᠰᠢᠬᠦ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠶᠢ ᠪᠠᠬᠢᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠨ᠎ᠡ ᠨᠡᠮᠡᠭᠳᠡᠯ ᠤᠨ ᠴᠡᠭ᠂ ᠰᠢᠨ᠎ᠡ ᠬᠥᠳᠡᠯᠭᠡᠭᠦᠷ ᠢ ᠪᠤᠢ ᠪᠤᠯᠭᠠᠪᠠ᠃ ᠵᠢᠦ ᠲᠠᠢ᠂ ᠶᠢᠨ ᠾᠧ ᠠᠮᠢᠳᠤ ᠪᠣᠳᠠᠰ᠂ ᠴᠠᠩ ᠱᠧᠩ ᠡᠮ ᠦᠢᠯᠡᠳᠬᠦ ᠵᠡᠷᠭᠡ 8 ᠰᠤᠳᠤᠯᠤᠨ ᠨᠡᠭᠡᠭᠡᠬᠦ ᠲᠥᠪ ᠯᠦᠭᠡ ᠵᠢᠯᠣᠭᠤᠳᠤᠨ ᠰᠣᠯᠢᠯᠴᠠᠬᠤ ᠶᠢ ᠴᠢᠩᠭᠠᠳᠬᠠᠵᠤ᠂ ᠡᠳᠡᠭᠡᠷ ᠰᠤᠳᠤᠯᠤᠨ ᠨᠡᠭᠡᠭᠡᠬᠦ ᠲᠥᠪ ᠪᠣᠯᠤᠨ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠶᠢᠨ ᠬᠠᠮᠵᠢᠯᠴᠠᠬᠤ ᠬᠠᠷᠢᠴᠠᠭ᠎ᠠ ᠪᠦᠷᠢᠯᠳᠦᠭᠦᠯᠬᠦ ᠶᠢ ᠠᠬᠢᠭᠤᠯᠵᠤ᠂ ᠠᠵᠢᠯ ᠲᠥᠷᠥᠯ ᠤᠨ ᠲᠡᠷᠢᠭᠦᠨ ᠤ ᠮᠡᠷᠭᠡᠵᠢᠯ ᠤᠨ ᠲᠤᠰᠬᠠᠶ ᠮᠡᠷᠭᠡᠵᠢᠯᠲᠡᠨ ᠪᠣᠯᠤᠨ ᠫᠷᠤᠹᠧᠰᠰᠤᠷ ᠢ ᠤᠷᠢᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ  ᠠᠬᠢᠭᠤᠯᠪᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1