ᠵᠢᠮᠳᠦ ᠲᠡᠮᠦᠷ ᠵᠠᠮ ᠤᠨ ᠥᠷᠲᠡᠭᠡ ᠶᠢᠨ ᠪᠦᠳᠦᠭᠡᠨ ᠪᠠᠶᠢᠭᠤᠯᠤᠯᠳᠠ ᠳᠤ ᠨᠠᠰᠤᠵᠢᠯ ᠳᠤ ᠲᠣᠬᠢᠷᠠᠬᠤ ᠪᠡᠯᠡᠳᠭᠡᠮᠵᠢ ᠶᠢ ᠪᠠᠷᠢᠮᠵᠢᠶᠠᠵᠢᠭᠤᠯᠤᠨ ᠲᠣᠬᠢᠷᠠᠭᠤᠯᠬᠤ ᠬᠡᠷᠡᠭᠲᠡᠢ᠃
ᠨᠡᠶᠢᠲᠡᠯᠡᠭᠰᠡᠨ ᠴᠠᠭ᠄
2024/7/24
      ᠡᠨᠡ ᠵᠢᠯ ᠤᠨ 6 ᠳ᠋ᠤᠭᠠᠷ ᠰᠠᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︽ᠬᠤᠲᠠ ᠶᠢᠨ ᠵᠢᠮᠳᠦ ᠲᠡᠮᠦᠷ ᠵᠠᠮ ᠤᠨ ᠵᠠᠮ ᠬᠠᠷᠢᠯᠴᠠᠭᠠᠨ ᠤ ᠰᠢᠰᠲ᠋ᠧᠮ ᠤᠨ ᠨᠠᠰᠤᠵᠢᠯ ᠳᠤ ᠳᠣᠭᠢᠷᠠᠬᠤ ᠦᠨᠳᠦᠰᠦᠨ ᠲᠥᠬᠦᠭᠡᠷᠦᠮᠵᠢ ᠬᠢᠭᠡᠳ ᠪᠡᠯᠡᠳᠬᠡᠮᠵᠢ ᠲᠣᠬᠢᠷᠠᠭᠤᠯᠬᠤ ᠳᠤ ᠨᠡᠶᠢᠳᠡᠮ ᠬᠡᠷᠡᠭᠯᠡᠬᠦ ᠮᠡᠷᠭᠡᠵᠢᠯ ᠤᠨ ᠱᠠᠭᠠᠷᠳᠠᠯᠭ᠎ᠠ ︵ᠰᠠᠨᠠᠯ ᠬᠤᠷᠢᠶᠠᠬᠤ ᠨᠣᠤᠷᠠᠭ︶︾ ᠶᠢ ᠨᠡᠶᠢᠲᠡᠯᠡᠵᠦ᠂ ᠵᠢᠮᠳᠦ ᠲᠡᠮᠦᠷ ᠵᠠᠮ ᠤᠨ ᠥᠷᠲᠡᠭᠡ ᠶᠢᠨ ᠪᠦᠳᠦᠭᠡᠨ ᠪᠠᠶᠢᠭᠤᠯᠤᠯᠳᠠ ᠳᠤ ᠨᠠᠰᠤᠵᠢᠯ ᠳᠤ ᠳᠣᠭᠢᠷᠠᠬᠤ ᠲᠥᠬᠦᠭᠡᠷᠦᠮᠵᠢ ᠪᠡᠯᠡᠳᠭᠡᠮᠵᠢ ᠶᠢ ᠲᠥᠷᠥᠯ ᠬᠤᠪᠢᠶᠠᠨ ᠱᠠᠲᠤ ᠬᠤᠪᠢᠶᠠᠨ ᠳᠣᠭᠢᠷᠠᠭᠤᠯᠵᠤ᠂ ᠠᠷᠢᠭᠤᠨ ᠴᠡᠪᠡᠷ ᠤᠨ ᠲᠠᠰᠤᠯᠭ᠎ᠠ ᠨᠢᠭᠡᠪᠦᠷᠢ ᠳᠤ ᠨᠠᠰᠤᠵᠢᠯ ᠳᠤ ᠳᠣᠭᠢᠷᠠᠬᠤ ᠪᠡᠯᠡᠳᠭᠡᠮᠵᠢ ᠪᠠᠶᠢᠷᠢᠯᠠᠭᠤᠯᠪᠠᠯ ᠵᠤᠬᠢᠨ᠎ᠡ᠂ ᠡᠨᠡ ᠨᠢ ᠣᠳᠣᠬᠠᠨ ᠤ ᠨᠠᠰᠤᠵᠢᠯᠲᠠ ᠶᠢᠨ ᠨᠡᠶᠢᠭᠡᠮ ᠤᠨ ᠶᠠᠪᠤᠵᠤ ᠰᠠᠭᠤᠬᠤ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯᠲᠠ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠨᠠᠰᠤᠲᠠᠶᠢᠴᠤᠳ ᠤᠨ ᠶᠠᠪᠤᠵᠤ ᠰᠠᠭᠤᠬᠤ ᠬᠡᠷᠡᠭᠴᠡᠭᠡ ᠡᠳᠦᠷ ᠢᠷᠡᠬᠦᠶ᠎ᠡ ᠲᠣᠪᠤᠶᠢᠮ᠎ᠠ ᠪᠣᠯᠵᠤ ᠪᠠᠶᠢᠨ᠎ᠠ᠃ ᠵᠢᠮᠳᠦ ᠲᠡᠮᠦᠷ ᠵᠠᠮ ᠨᠢ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠪᠠᠲᠤᠯᠠᠭ᠎ᠠ ᠬᠠᠩᠭᠠᠪᠠ᠃ ᠭᠡᠪᠡᠴᠦ᠂ ᠵᠢᠮᠳᠦ ᠲᠡᠮᠦᠷ ᠵᠠᠮ ᠤᠨ ᠵᠠᠷᠢᠮ ᠥᠷᠲᠡᠭᠡ ᠴᠡᠭ ᠲᠤ᠂ ᠨᠠᠰᠤᠵᠢᠯ ᠳᠤ ᠳᠣᠭᠢᠷᠠᠬᠤ ᠲᠥᠬᠦᠭᠡᠷᠦᠮᠵᠢ ᠳᠤᠲᠠᠭᠳᠠᠭᠰᠠᠨ ᠪᠤᠶᠤ ᠬᠦᠷᠦᠯᠴᠡᠬᠦ ᠥᠬᠡᠶ ᠨᠢ ᠨᠠᠰᠤᠲᠠᠶᠢᠴᠤᠳ ᠤᠨ ᠶᠠᠪᠤᠵᠤ ᠰᠠᠭᠤᠬᠤ ᠳᠤ ᠮᠠᠰᠢ ᠳᠥᠭᠦᠮ ᠦᠭᠡᠢ  ᠪᠠᠶᠢᠨ᠎ᠠ᠃ ᠵᠢᠱᠢᠶᠡᠯᠡᠪᠡᠯ᠂ ᠬᠡᠰᠡᠭ ᠵᠢᠮᠳᠦ ᠲᠡᠮᠦᠷ ᠵᠠᠮ ᠤᠨ ᠥᠷᠲᠡᠭᠡ ᠶᠢᠨ ᠳᠣᠲᠣᠷᠠᠬᠢ ᠠᠰᠠᠷ ᠤᠨ ᠱᠠᠲᠤ ᠬᠡᠲᠦ ᠥᠨᠳᠥᠷ᠂ ᠲᠦᠰᠢᠯᠭᠡ ᠲᠠᠢ ᠠᠰᠠᠷ ᠤᠨ ᠱᠠᠳᠦ ᠶᠢᠨ ᠬᠤᠷᠳᠤᠴᠠ ᠬᠡᠲᠦ ᠲᠦᠷᠭᠡᠨ᠂ ᠰᠠᠭᠠᠳ ᠥᠬᠡᠶ ᠨᠡᠪᠲᠡᠷᠡᠬᠦ ᠵᠠᠮ ᠤᠨ ᠪᠠᠶᠢᠷᠢᠯᠠᠭᠤᠯᠤᠯᠲᠠ ᠵᠦᠶ ᠵᠣᠬᠢᠰ ᠥᠬᠡᠶ ᠵᠡᠷᠭᠡ ᠠᠰᠠᠭᠤᠳᠠᠯ ᠤᠷᠤᠰᠢᠵᠦ᠂ ᠨᠠᠰᠤᠲᠠᠶᠢᠴᠤᠳ ᠤᠨ ᠶᠠᠪᠤᠵᠤ ᠰᠠᠭᠤᠬᠤ ᠳᠤ ᠬᠦᠴᠢᠷᠳᠡᠯ ᠪᠠ ᠠᠶᠤᠯ ᠲᠦᠭᠰᠢᠭᠦᠷᠢ ᠶᠢ ᠨᠡᠮᠡᠭᠳᠡᠭᠦᠯᠪᠡ︔ ᠠᠷᠢᠭᠤᠨ ᠴᠡᠪᠡᠷ ᠤᠨ ᠲᠠᠰᠤᠯᠭ᠎ᠠ ᠶᠢᠨ ᠲᠣᠬᠢᠷᠠᠭᠤᠯᠤᠯᠲᠠ ᠨᠢ ᠴᠦ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠪᠠ ᠣᠨᠴᠠᠭᠠᠶ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠭᠰᠠᠨ ᠦᠭᠡᠢ᠂ ᠲᠡᠳᠡᠨ ᠳᠤ ᠳᠥᠭᠦᠮ ᠦᠭᠡᠢ ᠪᠠ ᠬᠦᠴᠢᠷᠳᠡᠯ ᠠᠪᠴᠢᠷᠠᠭᠰᠠᠨ ᠪᠠᠶᠢᠨ᠎ᠠ᠃      ᠮᠡᠷᠭᠡᠵᠢᠯ ᠤᠨ ᠱᠠᠭᠠᠷᠳᠠᠯᠭ᠎ᠠ ᠶᠢᠨ ᠰᠠᠨᠠᠯ ᠬᠤᠷᠢᠶᠠᠬᠤ ᠨᠣᠤᠷᠠᠭ ᠲᠤ ᠳᠤᠷᠠᠳᠤᠭᠰᠠᠨ ᠵᠢᠮᠳᠦ ᠲᠡᠮᠦᠷ ᠵᠠᠮ ᠤᠨ ᠥᠷᠲᠡᠭᠡ ᠴᠡᠭ ᠤᠨ ᠨᠠᠰᠤᠵᠢᠯ ᠳᠤ ᠳᠣᠭᠢᠷᠠᠬᠤ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠪᠣᠯ ᠡᠨᠡ ᠬᠦ ᠪᠣᠳᠠᠲᠠᠶ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠬᠦ ᠨᠢ ᠳᠠᠮᠵᠢᠭ ᠥᠬᠡᠶ ᠶᠤᠮ᠃ ᠨᠠᠰᠤᠵᠢᠯ ᠳᠤ ᠲᠣᠬᠢᠷᠠᠬᠤ ᠲᠥᠬᠦᠭᠡᠷᠦᠮᠵᠢ ᠪᠡᠯᠡᠳᠭᠡᠮᠵᠢ ᠶᠢ ᠲᠥᠷᠥᠯ ᠬᠤᠪᠢᠶᠠᠨ ᠱᠠᠲᠤ ᠬᠤᠪᠢᠶᠠᠨ ᠲᠤᠬᠢᠷᠠᠭᠤᠯᠬᠤ ᠨᠢ ᠠᠳᠠᠯᠢ ᠪᠤᠰᠤ ᠥᠷᠲᠡᠭᠡ ᠴᠡᠭ ᠤᠨ ᠠᠶᠠᠨᠴᠢᠳ ᠤᠨ ᠤᠷᠤᠰᠬᠠᠯ ᠤᠨ ᠬᠡᠮᠵᠢᠶ᠎ᠡ᠂ ᠡᠷᠬᠢᠨ ᠲᠣᠭᠤᠷᠢᠨ ᠤ ᠨᠠᠰᠤᠲᠠᠶᠢᠴᠤᠳ ᠤᠨ ᠬᠥᠮᠦᠨ ᠠᠮᠠ ᠶᠢᠨ ᠨᠢᠭᠲᠠᠴᠠ ᠵᠡᠷᠭᠡ ᠬᠦᠴᠦᠨ ᠵᠦᠢᠯ ᠢ ᠦᠨᠳᠦᠰᠦᠯᠡᠨ᠂ ᠬᠠᠨᠳᠤᠯᠭᠠᠲᠤ ᠴᠢᠨᠠᠷᠲᠠᠶ ᠪᠠᠷ ᠪᠡᠯᠡᠳᠬᠡᠮᠵᠢ ᠶᠢᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠬᠢᠨ᠎ᠠ᠂ ᠡᠨᠡ ᠨᠢ ᠲᠥᠬᠦᠭᠡᠷᠦᠮᠵᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠥᠬᠡᠶ᠂ ᠪᠠᠰᠠ ᠨᠠᠰᠤᠲᠠᠶᠢᠴᠤᠳ ᠤᠨ ᠶᠠᠪᠤᠵᠤ ᠰᠠᠭᠤᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ ᠴᠢᠳᠠᠨ᠎ᠠ᠃ ᠵᠣᠷᠯᠣᠩ ᠤᠨ ᠲᠠᠰᠤᠯᠭ᠎ᠠ ᠨᠢᠭᠡᠪᠦᠷᠢ ᠳᠤ ᠨᠠᠰᠤᠵᠢᠯ ᠳᠤ ᠲᠤᠬᠢᠷᠠᠬᠤ ᠪᠡᠯᠡᠳᠭᠡᠮᠵᠢ ᠲᠤᠬᠢᠷᠠᠭᠤᠯᠬᠤ ᠨᠢ ᠬᠡᠳᠦ᠋ᠢᠪᠡᠷ ᠪᠠᠭ᠎ᠠ ᠶᠠᠪᠤᠳᠠᠯ ᠪᠣᠯᠪᠠᠴᠤ ᠨᠠᠰᠤᠲᠠᠶᠢᠴᠤᠳ ᠲᠤ ᠨᠠᠷᠢᠨ ᠨᠢᠮᠪᠠᠶ ᠬᠠᠶᠢᠷ᠎ᠠ ᠬᠠᠯᠠᠮᠵᠢ ᠶᠢ ᠤᠯᠭᠤᠵᠦ᠂ ᠲᠡᠳᠡᠨ ᠤ ᠶᠠᠪᠤᠵᠤ ᠰᠠᠭᠤᠬᠤ ᠶᠠᠪᠤᠴᠠ ᠳᠤ ᠨᠠᠩ ᠣᠯᠠᠨ ᠬᠦᠨᠳᠦᠳᠬᠡᠯ ᠪᠠ ᠲᠥᠬᠦᠮ ᠦᠵᠡᠭᠦᠯᠬᠦ ᠪᠤᠯᠤᠨ᠎ᠠ᠃      ᠬᠡᠯᠡᠯᠭᠡᠨ ᠦᠭᠡᠢ᠂ ᠵᠢᠮᠳᠦ ᠲᠡᠮᠦᠷ ᠵᠠᠮ ᠤᠨ ᠦᠷᠳᠡᠭᠡ ᠶᠢᠨ ᠪᠦᠳᠦᠭᠡᠨ ᠪᠠᠶᠢᠭᠤᠯᠤᠯᠳᠠ ᠳᠤ ᠨᠠᠰᠤᠵᠢᠯ ᠳᠤ ᠲᠣᠬᠢᠷᠠᠬᠤ ᠪᠡᠯᠡᠳᠭᠡᠮᠵᠢ ᠶᠢᠨ ᠪᠠᠷᠢᠮᠵᠢᠶᠠᠵᠢᠭᠤᠯᠤᠯᠳᠠ ᠶᠢ ᠪᠡᠶᠡᠯᠡᠭᠦᠯᠬᠦ ᠳᠤ᠂ ᠪᠠᠰᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠢᠮᠳᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠠᠰᠤᠵᠢᠯ ᠳᠤ ᠲᠣᠬᠢᠷᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠲᠣᠬᠢᠷᠠᠭᠤᠯᠤᠯᠲᠠ ᠨᠢ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠵᠤ᠂ ᠪᠡᠯᠡᠳᠬᠡᠮᠵᠢ ᠶᠢᠨ ᠴᠢᠳᠠᠮᠵᠢ ᠪᠠ ᠦᠢᠯᠡᠴᠢᠯᠡᠭᠡ ᠪᠠᠨ ᠲᠠᠰᠤᠷᠠᠯᠲᠠ ᠤᠢᠭᠡᠢ ᠰᠢᠯᠢᠳᠡᠭᠵᠢᠭᠦᠯᠬᠦ ᠬᠡᠷᠡᠭᠲᠡᠶ᠃ ᠡᠭᠦᠨ ᠠᠴᠠ ᠭᠠᠳᠠᠨ᠎ᠠ᠂ ᠨᠠᠰᠤᠲᠠᠶᠢᠴᠤᠳ ᠤᠨ ᠬᠠᠮᠲᠤ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠨᠠᠰᠤᠵᠢᠯ ᠳᠤ ᠲᠣᠬᠢᠷᠠᠬᠤ ᠪᠡᠯᠡᠳᠭᠡᠮᠵᠢ ᠶᠢ ᠲᠡᠳᠡᠨ ᠤ ᠪᠣᠳᠠᠲᠠᠶ ᠬᠡᠷᠡᠭᠴᠡᠭᠡ ᠳᠤ ᠨᠠᠩ ᠤᠶᠢᠷᠠᠳᠤᠭᠤᠯᠬᠤ ᠬᠡᠷᠡᠭᠲᠡᠶ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1