ᠲᠣᠭᠲᠠᠬᠤ ᠰᠢᠶᠠᠨ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠶᠢᠨ ︽12355 · ᠵᠠᠯᠠᠭᠤ ᠨᠠᠰᠤ ᠶᠢ ᠬᠠᠮᠠᠭᠠᠯᠠᠶ᠎ᠠ︾ ᠲᠤᠰᠬᠠᠢ ᠰᠡᠳᠦᠪᠳᠦ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2024/7/25
      ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠪᠣᠯ ᠬᠤᠪᠢ ᠬᠥᠮᠦᠨ ᠤ ᠬᠡᠪ ᠴᠢᠨᠠᠷ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠭᠤ ᠤᠷᠮ᠎ᠠ ᠰᠡᠳᠬᠢᠯᠭᠡ ᠶᠢ ᠢᠯᠠᠨ ᠳᠠᠪᠠᠵᠤ᠂ ᠪᠠᠶᠠᠰᠤᠩᠭᠤᠶ ᠪᠠᠶᠢᠬᠤ ᠶᠢ ᠪᠠᠲᠤᠯᠠᠵᠤ᠂ ᠰᠡᠳᠬᠢᠯ ᠰᠠᠨᠠᠭ᠎ᠠ ᠪᠠᠨ ᠲᠣᠬᠢᠷᠠᠭᠤᠯᠬᠤ ᠶᠢᠨ ᠴᠢᠬᠤᠯᠠ ᠠᠭᠤᠯᠭ᠎ᠠ ᠪᠠ ᠬᠠᠷᠠᠯᠲᠠ ᠮᠥᠨ᠃ ᠨᠠᠰᠤᠨ ᠳᠤ ᠦᠯᠦ ᠬᠦᠷᠦᠭᠰᠡᠨ ᠢ ᠰᠡᠳᠬᠢᠴᠡ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠨᠠᠰᠤᠨ ᠳᠤ ᠦᠯᠦ ᠬᠦᠷᠡᠭᠰᠡᠳ ᠤᠨ ᠤᠷᠮ᠎ᠠ ᠰᠡᠳᠬᠢᠯᠭᠡ ᠶᠢ ᠵᠣᠬᠢᠴᠠᠭᠤᠯᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ᠃ ᠣᠢᠷ᠎ᠠ ᠶᠢᠨ ᠡᠳᠦᠷ᠂ ᠳ᠋ᠦᠩᠱᠧᠩ ᠨᠡᠢᠭᠡᠮ ᠲᠣᠭᠤᠷᠢᠭ ᠤᠨ ᠡᠮᠡᠭᠲᠡᠢᠴᠦᠳ ᠤᠨ ᠬᠤᠯᠪᠣᠭ᠎ᠠ ︽12355 · ᠵᠠᠯᠠᠭᠤ ᠨᠠᠰᠤ ᠶᠢ ᠬᠠᠮᠠᠭᠠᠯᠠᠶ᠎ᠠ︾ ᠪᠠᠷ ᠭᠤᠣᠯ ᠰᠡᠳᠦᠪ ᠪᠣᠯᠭᠠᠭᠰᠠᠨ ᠵᠤᠨ ᠤ ᠠᠮᠠᠷᠠᠯᠲᠠ ᠶᠢᠨ ᠬᠤᠭᠤᠴᠠᠭᠠᠨ ᠤ ᠥᠪᠡᠷ ᠢ ᠪᠠᠨ ᠬᠠᠮᠠᠭᠠᠯᠠᠬᠤ ᠬᠥᠮᠦᠵᠢᠯ ᠵᠢᠴᠢ ᠰᠡᠳᠭᠢᠴᠡ ᠶᠢᠨ ᠡᠷᠡᠭᠦᠯ ᠮᠡᠨᠳᠦ ᠶᠢᠨ ᠲᠤᠰᠭᠠᠢ ᠰᠡᠳᠦᠪᠲᠦ ᠲᠠᠢᠯᠤᠮᠵᠢ ᠬᠢᠵᠦ᠂ ᠨᠠᠰᠤᠨ ᠳᠤ ᠦᠯᠦ ᠬᠦᠷᠦᠭᠰᠡᠳ ᠢ ᠬᠠᠪᠰᠤᠷᠤᠨ ᠤᠷᠮ᠎ᠠ ᠰᠡᠳᠭᠢᠯᠭᠡ ᠪᠠᠨ ᠲᠣᠬᠢᠷᠠᠭᠤᠯᠬᠤ ᠪᠦᠲᠦᠮᠵᠢᠲᠡᠢ ᠠᠷᠭ᠎ᠠ ᠶᠢ ᠡᠵᠡᠮᠰᠢᠭᠦᠯᠵᠦ᠂ ᠤᠷᠮ᠎ᠠ ᠰᠡᠳᠭᠢᠯᠭᠡ ᠶᠢᠨ ᠵᠢᠩᠬᠢᠨᠢ ᠡᠵᠡᠨ ᠪᠣᠯᠭᠠᠪᠠ᠃
     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠡᠤᠬᠡᠳ ᠲᠤ ᠬᠦᠳᠡᠯᠭᠡᠭᠡᠨ ᠤ ᠭᠤᠤᠯ ᠰᠡᠳᠦᠪ ᠢ ᠲᠠᠨᠢᠯᠴᠠᠭᠤᠯᠵᠤ᠂ ᠬᠡᠤᠬᠡᠳ ᠤᠨ ᠤᠷᠮ᠎ᠠ ᠰᠡᠳᠬᠢᠯᠭᠡ ᠶᠢ ᠢᠳᠡᠪᠬᠢᠲᠡᠶ ᠳᠠᠶᠢᠴᠢᠯᠠᠪᠠ᠃ ᠳᠠᠷᠠᠭ᠎ᠠ ᠨᠢ ︽ᠰᠡᠳᠬᠢᠴᠡ ᠶᠢᠨ ᠮᠡᠳᠡᠯᠭᠡ ᠶᠢᠨ ᠶᠡᠭᠡ ᠨᠢᠭᠡᠳᠦᠯ᠄ ᠤᠷᠮ᠎ᠠ ᠵᠣᠷᠢᠭ ᠬᠡᠳᠦᠶ ᠪᠠᠶᠢᠬᠤ ᠪᠣᠶ︖︾ ᠭᠡᠬᠦ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠥᠭᠴᠦ᠂ ᠲᠠᠶᠢᠯᠤᠮᠵᠢ ᠪᠠᠷ ᠳᠡᠮᠵᠢᠨ᠂ ᠬᠡᠦᠬᠡᠳ ᠤᠳ ᠶᠠᠭᠤ ᠶᠢ ᠨᠠᠵᠠᠭᠠᠢ ᠤᠷᠮ᠎ᠠ ᠵᠣᠷᠢᠭ ᠪᠠ ᠢᠳᠡᠪᠬᠢᠲᠡᠢ ᠤᠷᠮ᠎ᠠ ᠰᠡᠳᠬᠢᠯᠭᠡ ᠶᠢ ᠣᠶᠢᠯᠠᠭᠠᠭᠰᠠᠨ ᠪᠠᠶᠢᠨ᠎ᠠ᠃ ᠲᠠᠢᠯᠪᠤᠷᠢᠯᠠᠬᠤ ᠶᠠᠪᠤᠴᠠ ᠳᠤ ᠬᠠᠷᠢᠯᠴᠠᠨ ᠬᠥᠳᠡᠯᠦᠯᠴᠡᠬᠦ ᠪᠠᠷ ᠳᠠᠮᠵᠢᠨ᠂ ᠬᠡᠦᠬᠡᠳ ᠤᠳ ᠢ ᠬᠥᠲᠥᠯᠦᠨ ᠵᠢᠯᠣᠭᠤᠳᠴᠤ ᠡᠳᠦᠷ ᠳᠣᠳᠣᠮ ᠤᠨ ᠠᠮᠢᠳᠤᠷᠠᠯ ᠤᠨ ᠳᠤᠮᠳᠠ ᠶᠠᠮᠠᠷ ᠶᠠᠮᠠᠷ ᠢᠳᠡᠪᠬᠢᠲᠡᠢ ᠤᠷᠮ᠎ᠠ ᠰᠡᠳᠭᠢᠯᠭᠡ ᠪᠠ ᠨᠠᠵᠠᠭᠠᠢ ᠤᠷᠮ᠎ᠠ ᠰᠡᠳᠭᠢᠯᠭᠡ ᠤᠷᠤᠰᠢᠵᠦ ᠪᠠᠶᠢᠬᠤ ᠶᠢ ᠥᠭᠦᠯᠡᠵᠦ᠂ ᠲᠡᠳᠡᠨ ᠳᠤ ᠢᠳᠡᠪᠬᠢᠲᠡᠢ ᠤᠷᠮ᠎ᠠ ᠰᠡᠳᠭᠢᠯᠭᠡ ᠪᠤᠶᠤ ᠨᠠᠵᠠᠭᠠᠢ ᠤᠷᠮ᠎ᠠ ᠰᠡᠳᠭᠢᠯᠭᠡ ᠵᠢᠴᠢ ᠡᠳᠡᠭᠡᠷ ᠤᠷᠮ᠎ᠠ ᠰᠡᠳᠭᠢᠯᠭᠡ ᠨᠢ ᠶᠠᠮᠠᠷ ᠶᠠᠮᠠᠷ ᠨᠥᠯᠥᠭᠡ ᠪᠣᠯᠬᠤ ᠪᠣᠢ︖ ᠦᠯᠢᠭᠡᠷ ᠢ ᠬᠤᠪᠢᠶᠠᠯᠴᠠᠬᠤ ᠠᠷᠭ᠎ᠠ ᠮᠠᠶ᠋ᠢᠭ ᠢᠶᠠᠷ ᠳᠠᠮᠵᠢᠨ ᠬᠡᠷᠬᠢᠨ ᠢᠯᠠᠨ ᠳᠠᠪᠠᠭ᠋ᠤ ᠲᠤᠬᠠᠢ ᠵᠢᠯᠤᠭᠤᠳᠤᠯᠭ᠎ᠠ ᠬᠢᠵᠡᠢ᠃
     ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠤᠨ ᠤᠷᠮ᠎ᠠ ᠰᠡᠳᠬᠢᠯᠭᠡ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠰᠤᠷᠤᠯᠴᠠᠯᠭ᠎ᠠ ᠠᠮᠢᠳᠤᠷᠠᠯ ᠤᠨ ᠳᠤᠮᠳᠠ ᠲᠡᠳᠡᠨ ᠤ ᠡᠷᠡᠭᠦᠯ ᠪᠤᠰᠤ ᠤᠷᠮ᠎ᠠ ᠰᠡᠳᠬᠢᠯᠭᠡ ᠶᠢ ᠢᠳᠡᠪᠬᠢᠲᠡᠶ ᠬᠠᠨᠳᠤᠵᠤ᠂ ︽ᠤᠷᠮ᠎ᠠ ᠵᠣᠷᠢᠭ︾ ᠤᠨ ᠡᠵᠡᠨ ᠪᠣᠯᠬᠤ ᠶᠢ ᠰᠤᠷᠤᠭᠰᠠᠨ ᠪᠠᠶᠢᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1