ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠵᠤᠨ ᠤ ᠤᠯᠠᠷᠢᠯ ᠳᠤ ᠬᠡᠤᠬᠡᠳ ᠤᠨ ᠠᠮᠤᠷ ᠲᠦᠪᠰᠢᠨ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/25
      ᠵᠤᠨ ᠤ ᠠᠮᠠᠷᠠᠯᠲᠠ ᠶᠢᠨ ᠬᠤᠭᠤᠴᠠᠭᠠᠨ ᠳᠤ᠂ ᠠᠭᠠᠭᠢᠮ᠎ᠠ ᠬᠠᠯᠠᠭᠤᠨ᠂ ᠵᠠᠯᠠᠭᠤᠴᠤᠳ ᠪᠠᠭᠠᠴᠤᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠥᠷᠭᠡᠨ ᠣᠯᠠᠨ ᠵᠠᠯᠠᠭᠤᠴᠤᠳ ᠪᠠᠭᠠᠴᠤᠳ ᠬᠡᠤᠬᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠤᠷᠠᠳᠴᠤ᠂ ᠬᠡᠦᠬᠡᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠰᠤᠷᠤᠭᠴᠢᠳ ᠢ ᠦᠨᠡᠨ ᠬᠦ ᠬᠠᠪᠰᠤᠷᠤᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠨᠢ ᠴᠢᠩᠭᠠᠳᠬᠠᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠤᠷ᠎ᠠ ᠴᠢᠳᠠᠪᠤᠷᠢ ᠶᠢ ᠡᠵᠡᠮᠰᠢᠬᠦ ᠶᠢᠨ ᠲᠥᠯᠥᠭᠡ᠂ 7ᠳ᠋ᠤᠭᠠᠷ ᠰᠠᠷ᠎ᠠ ᠶᠢᠨ 23 ᠤ ᠡᠳᠦᠷ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠲᠤᠭᠳᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠲᠣᠭᠲᠠᠬᠤ ᠰᠢᠶᠠᠨ ᠤ ᠵᠠᠯᠠᠭᠤᠴᠤᠳ ᠪᠠᠭᠠᠴᠤᠳ ᠤᠨ ᠣᠷᠳᠣᠨ ᠲᠠᠢ ᠬᠠᠮᠲᠤᠷᠠᠨ ᠵᠤᠨ ᠤ ᠤᠯᠠᠷᠢᠯ ᠳᠤ ᠬᠡᠤᠬᠡᠳ ᠤᠨ ᠠᠮᠤᠷ ᠲᠦᠪᠰᠢᠨ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ  ᠠᠵᠢᠯᠯᠠᠭ᠎ᠠ ᠥᠷᠨᠢᠭᠦᠯᠪᠡ᠃
     ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠳᠤᠮᠳᠠ᠂ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢ ᠬᠡᠤᠬᠡᠳ ᠲᠤ ᠤᠰᠤᠨ ᠳᠤ ᠤᠨᠠᠭᠰᠠᠨ ᠰᠢᠯᠲᠠᠭᠠᠨ᠂ ᠠᠮᠠᠷᠬᠠᠨ ᠤᠰᠤᠨ ᠳᠤ ᠤᠨᠠᠬᠤ ᠥᠨᠳᠥᠷ ᠳᠠᠪᠲᠠᠮᠵᠢᠲᠤ ᠭᠠᠵᠠᠷ ᠠᠴᠠ ᠵᠠᠶᠢᠳᠠᠬᠤ ᠵᠢᠴᠢ ᠵᠠᠯᠠᠭᠤᠴᠤᠳ ᠪᠠᠭᠠᠴᠤᠳ ᠲᠤ ᠤᠰᠤᠨ ᠳᠤ ᠵᠢᠪᠬᠦ ᠦᠵᠡᠭᠳᠡᠯ ᠭᠠᠷᠤᠭᠰᠠᠨ ᠦᠶ᠎ᠡ ᠳᠤ ᠥᠪᠡᠷ ᠢ ᠪᠠᠨ ᠬᠡᠷᠬᠢᠨ ᠠᠪᠤᠷᠠᠬᠤ ᠵᠡᠷᠭᠡ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠲᠠᠨᠢᠯᠴᠠᠭᠤᠯᠵᠠᠶ᠃ ᠬᠡᠦᠬᠡᠳ ᠤᠨ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠠᠶᠤᠯᠲᠠᠢ ᠤᠰᠤᠨ ᠣᠷᠣᠨ ᠠᠴᠠ ᠵᠠᠶᠢᠳᠠᠵᠤ᠂ ᠥᠪᠡᠷ ᠢ ᠪᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠡᠦᠬᠡᠳ ᠤᠳ ᠶᠡᠭᠡ ᠠᠰᠢᠭ  ᠬᠦᠷᠳᠡᠭᠡᠪᠡ᠃     ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1