ᠲᠠᠪᠤᠨ ᠰᠠᠯᠠᠭ᠎ᠠ ᠮᠥᠴᠢᠷ ᠮᠡᠳᠡᠭᠳᠡᠯ ᠨᠡᠶᠢᠳᠡᠯᠡᠵᠦ ᠦᠶᠡᠷ ᠤᠨ ᠬᠤᠭᠤᠴᠠᠭᠠᠨ ᠤ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/7/25
      ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠦᠶᠡᠷ ᠤᠨ ᠬᠤᠭᠤᠴᠠᠭᠠᠨ ᠤ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ ᠨᠡᠶᠢᠲᠡᠯᠡᠪᠡ᠃      ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄      ᠣᠶᠢᠷ᠎ᠠ ᠶᠢᠨ ᠬᠤᠭᠤᠴᠠᠭᠠᠨ ᠳᠤ ᠮᠠᠨ ᠤ ᠤᠯᠤᠰ ᠤᠨ ᠡᠮᠦᠨᠡᠲᠦ ᠣᠷᠣᠨ ᠤ ᠣᠯᠠᠨ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠪᠠ ᠭᠠᠵᠠᠷ ᠰᠢᠨᠵᠢᠯᠡᠭᠡ ᠶᠢᠨ ᠭᠠᠮᠰᠢᠭ ᠭᠠᠷᠴᠤ᠂ ᠰᠣᠶᠣᠯ ᠤᠨ ᠥᠪ ᠬᠥᠷᠥᠩᠭᠡ ᠶᠢᠨ ᠠᠮᠤᠷ ᠲᠦᠪᠰᠢᠨ ᠤ ᠠᠰᠠᠭᠤᠳᠠᠯ ᠨᠡᠩ ᠴᠢᠬᠤᠯᠠ ᠪᠤᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠠ ᠵᠠᠪᠰᠢᠶᠠᠨ ᠢ ᠡᠷᠢᠬᠦ ᠪᠣᠳᠣᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠦᠶᠡᠷ ᠤᠨ ᠬᠤᠭᠤᠴᠠᠭᠠᠨ ᠳᠤ ᠰᠢᠯᠵᠢᠭᠦᠯᠵᠦ ᠪᠣᠯᠤᠰᠢ ᠦᠭᠡᠢ ᠲᠡᠤᠬᠡ ᠶᠢᠨ ᠳᠤᠷᠠᠰᠬᠠᠯᠲᠤ ᠵᠦᠢᠯᠡᠰ᠂ ᠲᠡᠤᠬᠡ ᠰᠣᠶᠣᠯ ᠤᠨ ᠨᠠᠷᠠᠲᠤ ᠬᠤᠲᠠ ︵ᠵᠡᠭᠡᠯᠢ ᠲᠣᠭᠤᠷᠢᠭ᠂ ᠲᠣᠰᠬᠤᠨ ᠪᠠᠯᠭᠠᠰᠤ︶ ᠵᠡᠷᠭᠡ ᠡᠯ᠎ᠡ ᠲᠥᠷᠥᠯ ᠤᠨ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠦᠨᠡᠨ ᠬᠦ ᠴᠢᠩᠭᠠᠳᠬᠠᠨ᠎ᠠ᠃      ᠨᠢᠭᠡ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ      ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠥᠪ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠡᠷᠡᠭᠯᠡᠬᠦ  ᠨᠢᠭᠡᠴᠢ ᠵᠡᠷᠭᠡ ᠨᠢ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠪᠥᠭᠡᠳ ᠰᠠᠶᠢᠲᠤᠷ ᠠᠳᠬᠤᠵᠤ᠂ ᠲᠦᠭᠰᠢᠭᠦᠷᠢ ᠶᠢᠨ ᠦᠵᠡᠯ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠷᠠᠭᠤᠯᠤᠨ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶ ᠠᠵᠢᠯ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ᠃ ᠬᠤᠯᠪᠣᠭᠳᠠᠯ ᠪᠥᠬᠦᠶ ᠴᠠᠭ ᠠᠭᠤᠷ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠲᠤᠬᠠᠶ ᠶᠢᠨ ᠭᠠᠵᠠᠷ ᠤᠨ ᠴᠠᠭ ᠠᠭᠤᠷ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠭ ᠲᠤᠬᠠᠶ ᠳᠤᠨᠢ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠬᠥᠮᠦᠨ ᠬᠠᠷ᠎ᠠ ᠤᠯᠠᠨ ᠨᠡᠭᠡᠭᠡᠯᠲᠡ ᠲᠠᠢ ᠣᠷᠣᠨ ᠪᠦᠰᠡ᠂ ᠰᠣᠶᠣᠯ ᠤᠨ ᠥᠪ ᠬᠥᠷᠥᠩᠭᠡ ᠲᠥᠪᠯᠡᠷᠡᠭᠰᠡᠨ ᠣᠷᠣᠨ ᠪᠦᠰᠡ᠂ ᠭᠠᠮᠰᠢᠭ ᠶᠡᠬᠡᠲᠡᠶ ᠣᠷᠣᠨ ᠪᠦᠰᠡ ᠳᠤ ᠭᠤᠤᠯᠳᠠᠯᠭ᠎ᠠ ᠲᠠᠢ ᠬᠢᠨᠠᠨ ᠬᠡᠮᠵᠢᠯᠲᠡ ᠬᠢᠬᠦ ᠬᠡᠷᠡᠭᠲᠡᠶ᠃ ᠲᠤᠬᠢᠷᠠᠭᠤᠯᠤᠯᠳᠠ ᠪᠠ ᠵᠢᠯᠤᠭᠤᠳᠤᠯᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠮᠰᠢᠭᠳᠠᠬᠤ ᠪᠣᠯᠤᠯᠴᠠᠭ᠎ᠠ ᠲᠠᠢ ᠭᠠᠵᠠᠷ ᠣᠷᠣᠨ ᠪᠣᠯᠤᠨ ᠬᠠᠮᠢᠶ᠎ᠠ ᠪᠦᠬᠦᠢ ᠨᠢᠭᠡᠴᠢ ᠶᠢ ᠰᠢᠮᠳᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠲᠤᠰᠬᠠᠶ ᠪᠡᠯᠡᠳᠬᠡᠯ ᠲᠥᠰᠦᠯ ᠢ ᠤᠷᠢᠳᠴᠢᠯᠠᠨ ᠰᠠᠶᠢᠲᠤᠷ ᠬᠢᠯᠭᠡᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠬᠤᠯᠪᠣᠭᠳᠠᠯ ᠪᠦᠬᠦᠢ ᠨᠢᠭᠡᠴᠢ ᠪᠣᠯᠤᠨ ᠠᠵᠢᠯᠲᠠᠨ ᠳᠤ ᠰᠡᠷᠡᠮᠵᠢᠯᠡᠭᠦᠯᠬᠦ ᠮᠡᠳᠡᠭᠡ ᠵᠠᠩᠭᠢ ᠪᠣᠯᠤᠨ ᠰᠡᠷᠭᠡᠶᠢᠯᠡᠬᠦ ᠵᠦᠭᠯᠡᠭᠦᠷ ᠢ ᠴᠠᠭ ᠲᠤᠬᠠᠶ ᠳᠤᠨᠢ ᠨᠡᠶᠢᠲᠡᠯᠡᠵᠦ᠂ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠨᠡᠨ ᠬᠦ ᠲᠡᠷᠢᠭᠦᠨ ᠳᠤ ᠲᠠᠯᠪᠢᠵᠤ᠂ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ      ᠬᠤᠶᠠᠷ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ      ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠤᠨ ᠰᠣᠶᠣᠯ ᠤᠨ ᠥᠪ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠣᠶᠣᠯ ᠤᠨ ᠥᠪ ᠬᠥᠷᠥᠩᠭᠡ ᠶᠢᠨ ᠣᠨᠴᠠᠯᠢᠭ ᠪᠣᠯᠤᠨ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠦᠭᠰᠢᠭᠦᠷᠢ ᠶᠢ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠵᠦ᠂ ᠲᠦᠭᠰᠢᠭᠦᠷᠢ ᠶᠢᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶᠢᠯᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢᠯᠠᠩᠭᠤᠶ᠎ᠠ ᠰᠣᠶᠣᠯ ᠤᠨ ᠥᠪ ᠬᠥᠷᠥᠩᠭᠡ ᠶᠢᠨ ᠡᠷᠬᠡᠲᠦ ᠬᠥᠮᠦᠨ᠂ ᠬᠡᠷᠡᠭᠯᠡᠭᠴᠢ ᠶᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠠᠭᠤᠯᠠᠷᠬᠠᠭ ᠭᠠᠵᠠᠷ᠂ ᠬᠤᠲᠣᠭᠤᠷ ᠭᠠᠵᠠᠷ᠂ ᠭᠤᠤᠯ ᠮᠦᠷᠡᠨ ᠲᠠᠭᠠᠤ ᠤᠷᠤᠨ᠂ ᠦᠶᠡᠷ ᠤᠰᠤᠳᠠᠯ ᠤᠯᠠᠨ ᠣᠷᠣᠨ ᠵᠡᠷᠭᠡ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠰᠣᠶᠣᠯ ᠤᠨ ᠥᠪ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠬᠤᠲᠠ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠯᠦᠭᠡ ᠴᠠᠭ ᠲᠤᠬᠠᠶ ᠳᠤᠨᠢ ᠨᠡᠪᠲᠡᠷᠡᠯᠴᠡᠵᠦ᠂ ᠰᠡᠷᠭᠡᠶᠢᠯᠡᠬᠦ ᠬᠡᠷᠡᠭᠴᠡᠭᠡ ᠱᠠᠭᠠᠷᠳᠠᠯᠭ᠎ᠠ ᠪᠠᠨ ᠮᠡᠳᠡᠭᠦᠯᠬᠦ ᠶᠢᠨ ᠬᠠᠮᠲᠤ᠂ ᠬᠥᠭᠡᠷᠭᠡ᠂ ᠡᠯᠡᠰᠦᠨ ᠤᠭᠤᠲᠠ᠂ ᠤᠰᠤ ᠬᠤᠷᠢᠭᠯᠠᠬᠤ ᠬᠠᠭᠠᠯᠲᠠ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠬᠦ ᠬᠡᠷᠡᠭᠲᠡᠶ᠃ ᠰᠡᠯᠪᠢᠨ ᠵᠠᠰᠠᠬᠤ ᠪᠠᠷᠢᠯᠭ᠎ᠠ ᠶᠢᠨ ᠭᠠᠵᠠᠷ᠂ ᠬᠠᠭᠤᠴᠢ ᠰᠤᠳᠤᠯᠤᠯ ᠤᠨ ᠮᠠᠯᠲᠠᠬᠤ ᠠᠵᠢᠯ ᠤᠨ ᠲᠠᠯᠠᠪᠤᠷ ᠵᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠦᠷᠢᠶᠡᠯᠡᠨ ᠬᠠᠰᠢᠬᠤ᠂ ᠪᠠᠬᠢᠵᠢᠭᠦᠯᠬᠦ᠂ ᠲᠣᠯᠭᠠᠭᠤᠷᠢᠯᠠᠬᠤ᠂ ᠤᠰᠤ ᠭᠠᠳᠠᠭᠰᠢᠯᠠᠭᠤᠯᠬᠤ ᠵᠡᠷᠭᠡ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠤᠰᠤ ᠭᠠᠳᠠᠭᠰᠢᠯᠠᠭᠤᠯᠬᠤ ᠵᠠᠮ ᠢ ᠴᠡᠪᠡᠷᠯᠡᠵᠦ᠂ ᠴᠢᠬᠤᠯᠠᠲᠠᠶ ᠦᠶ᠎ᠡ ᠳᠤ ᠲᠦᠷ ᠴᠠᠭ ᠴᠠᠬᠢᠯᠭᠠᠨ ᠢ ᠲᠠᠰᠤᠯᠠᠵᠦ ᠪᠣᠯᠤᠨ᠎ᠠ᠃ ᠰᠣᠶᠣᠯ ᠤᠨ ᠥᠪ ᠤᠨ ᠭᠠᠷᠤᠯᠲᠠ ᠶᠢᠨ ᠣᠷᠣᠨ᠂ ᠮᠦᠽᠧᠶ᠂ ᠤᠷᠠᠨ ᠵᠢᠷᠤᠭ ᠤᠨ ᠣᠷᠳᠣᠨ᠂ ᠪᠠᠭᠤᠷᠢ ᠶᠢᠨ ᠴᠡᠴᠡᠷᠯᠢᠭ᠂ ᠰᠣᠶᠣᠯ ᠤᠨ ᠥᠪ ᠤᠨ ᠲᠥᠷᠥᠯ ᠤᠨ ᠦᠵᠡᠮᠵᠢ ᠶᠢᠨ ᠣᠷᠣᠨ ᠵᠡᠷᠭᠡ ᠬᠥᠮᠥᠨ ᠬᠠᠷ᠎ᠠ ᠤᠯᠠᠨ ᠨᠡᠭᠡᠭᠡᠯᠲᠡ ᠲᠠᠢ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠴᠠᠭ ᠲᠤᠬᠠᠢ ᠳᠤ ᠨᠢ ᠰᠡᠷᠭᠡᠶᠢᠯᠡᠨ ᠬᠠᠮᠠᠭᠠᠯᠠᠵᠤ᠂ ᠬᠡᠷ ᠤᠨ ᠭᠠᠳᠠᠨᠠᠬᠢ ᠳᠡᠯᠭᠡᠨ ᠦᠵᠡᠭᠦᠯᠦᠯᠭᠡ ᠶᠢ ᠬᠤᠷᠢᠶᠠᠨ ᠠᠪᠴᠦ᠂ ᠵᠤᠭᠠᠴᠠᠭᠰᠠᠳ ᠢ ᠬᠥᠲᠥᠯᠥᠨ ᠵᠢᠯᠣᠭᠤᠳᠬᠤ ᠲᠠᠷᠬᠠᠭᠠᠬᠤ ᠵᠠᠮ ᠱᠤᠭᠤᠮ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠲᠠᠯᠠᠪᠤᠷ ᠢ ᠤᠷᠢᠳᠴᠢᠯᠠᠨ ᠪᠠᠶᠢᠭᠤᠯᠤᠨ᠎ᠠ᠃ ᠡᠷᠲᠡᠨ ᠤ ᠪᠠᠷᠢᠯᠭ᠎ᠠ᠂ ᠡᠷᠲᠡᠨ ᠤ ᠪᠠᠭᠤᠷᠢ᠂ ᠡᠷᠲᠡᠨ ᠤ ᠣᠩᠭᠤᠨ᠂ ᠴᠢᠯᠠᠭᠤᠨ ᠠᠭᠤᠶ ᠶᠢᠨ ᠰᠦᠮ᠎ᠡ᠂ ᠣᠶᠢᠷ᠎ᠠ ᠦᠶ᠎ᠡ ᠶᠢᠨ ᠲᠥᠯᠥᠭᠡᠯᠡᠬᠦ ᠴᠢᠨᠠᠷᠲᠠᠶ ᠪᠠᠷᠢᠯᠭ᠎ᠠ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠦᠬᠡ ᠰᠣᠶᠣᠯ ᠤᠨ ᠲᠣᠰᠬᠤᠨ ᠪᠠᠯᠭᠠᠰᠤ᠂ ᠤᠯᠠᠮᠵᠢᠯᠠᠯᠲᠤ ᠲᠣᠰᠬᠤᠨ ᠵᠢᠴᠢ ᠴᠡᠴᠡᠷᠯᠢᠭ᠂ ᠡᠷᠲᠡᠨ ᠤ ᠮᠣᠳᠣ ᠨᠡᠷᠡᠲᠦ ᠮᠣᠳᠣ ᠵᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯ ᠲᠠᠢ ᠭᠠᠵᠠᠷ ᠣᠷᠣᠨ ᠳᠤ ᠢᠯᠡᠷᠬᠡᠶ ᠰᠡᠷᠡᠮᠵᠢ ᠶᠢᠨ ᠲᠡᠮᠳᠡᠭ ᠫᠠᠶᠢᠰᠠ ᠭᠠᠷᠭᠠᠵᠤ᠂ ᠰᠢᠷᠦᠭᠦᠨ ᠪᠣᠷᠣᠭᠠᠨ᠂ ᠦᠶᠡᠷ ᠤᠰᠤᠲᠤᠯ ᠵᠡᠷᠭᠡ ᠶᠢᠨ ᠰᠣᠶᠣᠯ ᠤᠨ ᠥᠪ ᠪᠣᠯᠤᠨ ᠡᠷᠭᠢᠨ ᠲᠣᠭᠤᠷᠢᠨ ᠤ ᠬᠥᠮᠦᠰ ᠲᠤ ᠬᠤᠶᠠᠳᠠᠬᠢ ᠤᠳᠠᠭ᠎ᠠ ᠬᠥᠨᠥᠭᠡᠯ ᠪᠣᠯᠬᠤ ᠠᠴᠠ ᠵᠠᠶᠢᠯᠠᠰᠬᠢᠬᠦ ᠬᠡᠷᠡᠭᠲᠡᠶ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠭᠠᠵᠠᠷ ᠤᠨ ᠪᠠᠶᠢᠴᠠᠭᠠᠯᠲᠠ ᠶᠢ ᠥᠷᠨᠢᠭᠦᠯᠵᠦ ᠪᠠᠶᠢᠭ᠎ᠠ ᠠᠵᠢᠯᠲᠠᠳ ᠰᠣᠶᠣᠯ ᠤᠨ ᠥᠪ ᠤᠨ ᠭᠠᠷᠤᠯᠲᠠ ᠶᠢᠨ ᠭᠠᠵᠠᠷ ᠤᠨ ᠴᠠᠭ ᠠᠭᠤᠷ ᠪᠠ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠤᠪᠢ ᠬᠥᠮᠦᠨ ᠤ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃      ᠭᠤᠷᠪᠠ᠂ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠡᠯᠪᠢᠨ ᠵᠠᠰᠠᠵᠤ ᠵᠠᠰᠠᠨ ᠰᠡᠷᠭᠦᠭᠡᠬᠦ ᠶᠢ ᠴᠢᠩᠭᠠᠳᠬᠠᠬᠤ ᠬᠡᠷᠡᠭᠲᠡᠶ     ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠥᠪ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠡᠷᠡᠭᠯᠡᠬᠦ ᠨᠢᠭᠡᠴᠢ ᠵᠡᠷᠭᠡ ᠨᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠤᠳᠤᠷᠢᠳᠬᠤ ᠺᠠᠳ᠋ᠷ ᠡᠮᠦᠨ᠎ᠡ ᠨᠢ ᠵᠢᠯᠣᠭᠤᠳᠴᠤ᠂ ᠨᠢᠭᠡᠳᠦᠭᠡᠷ ᠹᠷᠣᠨᠲ ᠤᠨ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠢᠶ᠎ᠠ ᠣᠷᠣᠨ ᠤ ᠪᠠᠨ ᠬᠠᠮᠢᠶ᠎ᠠ ᠪᠥᠬᠦᠶ ᠨᠢᠭᠡᠴᠢ ᠶᠢᠨ ᠭᠠᠮᠰᠢᠭᠳᠠᠭᠰᠠᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠬᠢᠨᠠᠨ ᠬᠠᠷᠭᠤᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠠᠵᠢᠯ ᠪᠠ ᠭᠠᠮᠰᠢᠭ ᠤᠨ ᠳᠠᠷᠠᠭᠠᠬᠢ ᠠᠵᠢᠯ ᠥᠷᠨᠢᠭᠦᠯᠦᠭᠰᠡᠨ ᠪᠠᠶᠢᠳᠠᠯ ᠢᠶᠠᠨ ᠴᠠᠭ ᠲᠤᠬᠠᠶ ᠳᠤᠨᠢ ᠣᠨᠣᠪᠴᠢᠲᠠᠶ ᠮᠡᠳᠡᠭᠦᠯᠬᠦ ᠬᠡᠷᠡᠭᠲᠡᠶ᠃ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠠᠮᠰᠢᠭ ᠠᠴᠠ ᠠᠪᠤᠷᠠᠵᠤ᠂ ᠬᠠᠮᠠᠭᠠᠯᠠᠯᠲᠠ ᠶᠢᠨ ᠠᠵᠢᠯ ᠢ ᠲᠣᠬᠢᠲᠠᠶ ᠰᠠᠶᠢᠲᠤᠷ ᠬᠢᠵᠦ᠂ ᠬᠠᠭᠤᠴᠢᠨ ᠲᠣᠨᠣᠭᠯᠠᠯ ᠢ ᠪᠦᠬᠦ ᠬᠦᠴᠦᠨ ᠢᠶᠠᠷ ᠢᠶᠠᠨ ᠴᠤᠭᠯᠠᠭᠤᠯᠤᠨ ᠰᠠᠶᠢᠲᠤᠷ ᠬᠠᠳᠠᠭᠠᠯᠠᠵᠤ᠂ ᠰᠡᠯᠪᠢᠨ ᠵᠠᠰᠠᠵᠤ ᠵᠠᠰᠠᠨ ᠰᠡᠷᠭᠦᠭᠡᠬᠦ ᠠᠵᠢᠯ ᠢ ᠵᠤᠬᠢᠶᠠᠨ ᠪᠠᠶᠢᠭᠤᠯᠵᠦ᠂ ᠰᠣᠶᠣᠯ ᠤᠨ ᠥᠪ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠴᠠᠭ ᠲᠤᠬᠠᠶ ᠳᠤᠨᠢ ᠤᠰᠤ ᠭᠠᠳᠠᠭᠰᠢᠯᠠᠭᠤᠯᠬᠤ ᠶᠢᠨ ᠠᠷᠭ᠎ᠠ ᠦᠭᠡᠶ᠂ ᠲᠦᠭᠰᠢᠭᠦᠷᠢᠲᠦ ᠪᠠᠶᠢᠳᠠᠯ ᠭᠠᠷᠤᠭᠰᠠᠨ ᠰᠣᠶᠣᠯ ᠤᠨ ᠥᠪ ᠤᠨ ᠭᠠᠷᠤᠯᠲᠠ ᠶᠢᠨ ᠭᠠᠵᠠᠷ ᠪᠣᠯᠤᠨ ᠣᠯᠠᠨ ᠨᠡᠶᠢᠲᠡ ᠶᠢᠨ ᠨᠡᠭᠡᠭᠡᠯᠲᠡ ᠲᠠᠢ ᠣᠷᠣᠨ ᠪᠦᠰᠡ ᠳᠤ ᠬᠥᠮᠦᠰ ᠢ ᠲᠠᠷᠬᠠᠭᠠᠨ ᠰᠢᠯᠵᠢᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠰᠡᠷᠡᠮᠵᠢᠯᠡᠭᠦᠯᠬᠦ ᠱᠤᠭᠤᠮ ᠪᠠᠶᠢᠷᠢᠯᠠᠭᠤᠯᠬᠤ ᠬᠡᠷᠡᠭᠲᠡᠶ᠃ ᠬᠦᠨᠳᠦ ᠶᠡᠭᠡ ᠪᠠᠶᠢᠭᠠᠯᠢ ᠶᠢᠨ ᠭᠠᠮᠰᠢᠭ ᠡᠭᠦᠰᠦᠭᠰᠡᠨ ᠪᠣᠯᠤᠨ ᠰᠣᠶᠣᠯ ᠤᠨ ᠥᠪ ᠬᠥᠷᠥᠩᠭᠡ ᠶᠢᠨ ᠬᠤᠬᠢᠷᠠᠯ ᠭᠠᠷᠤᠭᠰᠠᠨ ᠪᠠᠶᠢᠪᠠᠯ ᠡᠯ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠢᠶᠠᠨ ᠦᠨᠳᠦᠰᠦᠯᠡᠨ᠂ ᠰᠣᠶᠣᠯ ᠤᠨ ᠥᠪ ᠬᠥᠷᠥᠩᠭᠡ ᠶᠢᠨ ᠥᠷᠲᠡᠭ ᠤᠨ ᠣᠨᠴᠠᠯᠢᠭ ᠪᠣᠯᠤᠨ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ᠂ ᠡᠪᠳᠡᠭᠳᠡᠭᠰᠡᠨ ᠰᠣᠶᠣᠯ ᠤᠨ ᠥᠪ ᠬᠥᠷᠥᠩᠭᠡ ᠶᠢ ᠰᠡᠯᠪᠢᠨ ᠵᠠᠰᠠᠵᠤ ᠵᠠᠰᠠᠨ ᠰᠡᠷᠭᠦᠭᠡᠬᠦ ᠪᠠ ᠤᠰᠤ ᠶᠢ  ᠬᠤᠷᠢᠭᠯᠠᠵᠤ ᠤᠰᠤᠳᠠᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠵᠦ ᠤᠰᠤᠲᠤᠯ ᠢ ᠭᠠᠳᠠᠭᠰᠢᠯᠠᠭᠤᠯᠬᠤ ᠵᠡᠷᠭᠡ ᠪᠡᠯᠡᠳᠬᠡᠮᠵᠢ ᠶᠢ ᠥᠭᠡᠷᠡᠴᠢᠯᠡᠬᠦ ᠠᠵᠢᠯ ᠢ ᠲᠦᠷᠭᠡᠬᠡᠨ ᠥᠷᠨᠢᠭᠦᠯᠵᠦ᠂ ᠰᠣᠶᠣᠯ ᠤᠨ ᠥᠪ ᠬᠥᠷᠥᠩᠭᠡ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠰᠣᠶᠣᠯ ᠤᠨ ᠥᠪ ᠬᠥᠷᠥᠩᠭᠡ ᠶᠢᠨ ︽ᠬᠤᠬᠢᠷᠠᠯ︾ ᠠᠴᠠ ᠵᠠᠶᠢᠯᠠᠰᠬᠢᠬᠦ ᠬᠡᠷᠡᠭᠲᠡᠶ᠃      ᠳᠥᠷᠪᠡ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ      ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠥᠪ ᠬᠥᠷᠥᠩᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠬᠤ ᠪᠠ ᠵᠢᠯᠣᠭᠤᠳᠬᠤ ᠪᠠᠨ ᠴᠢᠩᠬᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠳᠠᠯᠠᠬᠤ ᠬᠡᠷᠡᠭᠲᠡᠶ᠃ ᠵᠥᠪᠳᠡᠯᠴᠡᠨ ᠰᠤᠳᠤᠯᠤᠨ ᠮᠠᠭᠠᠳᠯᠠᠬᠤ᠂ ᠮᠡᠳᠡᠭᠡ ᠵᠠᠩᠭᠢ ᠨᠡᠪᠲᠡᠷᠡᠭᠦᠯᠬᠦ᠂ ᠤᠷᠢᠳᠴᠢᠯᠠᠨ ᠰᠡᠷᠡᠮᠵᠢ ᠨᠡᠶᠢᠲᠡᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠤᠮᠳᠠ ᠪᠠ ᠤᠷᠲᠤ ᠬᠤᠭᠤᠴᠠᠭᠠᠨ ᠤ ᠰᠣᠶᠣᠯ ᠤᠨ ᠥᠪ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠥᠰᠦᠯ ᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠰᠣᠶᠣᠯ ᠤᠨ ᠥᠪ ᠢ ᠬᠠᠮᠠᠭᠠᠯᠠᠵᠤ ᠰᠡᠯᠪᠢᠨ ᠵᠠᠰᠠᠬᠤ ᠰᠠᠭᠤᠷᠢ ᠮᠥᠩᠭᠦ ᠵᠡᠷᠭᠡ ᠪᠡᠯᠡ ᠮᠥᠩᠭᠦ ᠶᠢᠨ ᠢᠷᠡᠯᠲᠡ ᠶᠢᠨ ᠣᠯᠠᠨ ᠡᠰᠢᠵᠢᠭᠰᠡᠨ ᠠᠷᠭ᠎ᠠ ᠵᠠᠮ ᠢ ᠰᠦᠪᠡᠭᠴᠢᠯᠡᠨ ᠪᠠᠶᠢᠭᠤᠯᠵᠤ᠂ ᠰᠣᠶᠣᠯ ᠤᠨ ᠥᠪ ᠤᠨ ᠬᠠᠮᠠᠭᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠳᠡᠮᠵᠢᠯᠭᠡ ᠬᠠᠩᠭᠠᠵᠤ ᠬᠠᠪᠰᠤᠷᠤᠨ ᠲᠡᠳᠬᠦᠬᠦ ᠬᠡᠷᠡᠭᠲᠡᠶ᠃ ᠲᠤᠬᠠᠶ ᠶᠢᠨ ᠭᠠᠵᠠᠷ ᠤᠨ ᠣᠯᠠᠨ ᠲᠦᠮᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷᠠᠴᠤᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠶᠣᠯ ᠤᠨ ᠥᠪ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠤᠨ ᠰᠦᠪᠡᠭᠴᠢ ᠶᠢ ᠪᠠᠶᠢᠩᠭᠤᠵᠢᠭᠤᠯᠤᠨ ᠴᠤᠭᠯᠠᠭᠤᠯᠤᠨ᠎ᠠ᠃ ᠰᠦᠯᠵᠢᠶᠡᠨ ᠤ ᠶᠠᠷᠢᠶ᠎ᠠ  ᠬᠡᠯᠡᠯᠴᠡᠭᠡ ᠶᠢ ᠦᠷᠭᠦᠯᠵᠢᠯᠡᠨ ᠠᠩᠬᠠᠷᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠣᠨᠣᠪᠴᠢᠲᠠᠶ ᠬᠠᠷᠢᠭᠤᠯᠲᠠ ᠥᠭᠭᠦᠨ᠎ᠡ᠃    ᠢᠷᠡᠯᠲᠡ᠄ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ     
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1