ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠠᠵᠢᠯ ᠲᠥᠷᠥᠯ ᠤᠨ ᠬᠢᠨ ᠴᠢᠨᠠᠷ ᠰᠠᠶᠢᠲᠠᠶ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2024/7/25
      ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠨᠢ ᠨᠢᠭᠡᠨᠲᠡ ᠮᠠᠨ ᠤ ᠤᠯᠤᠰ ᠤᠨ ᠮᠠᠰᠢ ᠣᠯᠠᠨ ᠭᠠᠵᠠᠷ ᠣᠷᠣᠨ ᠤ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠠᠷᠭ᠎ᠠ ᠬᠡᠯᠪᠡᠷᠢ ᠪᠣᠯᠵᠠᠶ᠃ ᠭᠡᠲᠡᠯ᠎ᠡ ᠬᠡᠰᠡᠭ ᠬᠤᠭᠤᠴᠠᠭᠠᠨ ᠠᠴᠠ ᠨᠠᠰᠢ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ︽ᠢᠳᠡᠵᠦ ᠴᠠᠳᠬᠤ ᠦᠭᠡᠢ︾ ᠦᠵᠡᠭᠳᠡᠯ ᠨᠢ ᠬᠥᠮᠦᠰ ‍ᠤᠨ‌ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠬᠤᠯᠪᠤᠬᠲᠠᠯ ᠪᠦᠭᠦᠢ ᠪᠠᠶᠢᠴᠠᠭᠠᠯᠲᠠ ᠠᠴᠠ ᠦᠵᠡᠪᠡᠯ᠂ ᠵᠠᠭᠦᠠ ᠬᠡᠰᠡᠭ ᠤᠨ ᠲᠠᠯᠠᠢ ᠲᠠᠭᠠᠤ ᠬᠦᠭᠵᠢᠭᠰᠡᠨ ᠬᠤᠲᠠ ᠴᠤ ᠲᠠᠷᠠ᠂ ᠲᠤᠮᠳᠠ ᠪᠠᠷᠠᠭᠤᠨ ᠬᠡᠰᠡᠭ ᠭᠠᠵᠠᠷ ᠣᠷᠣᠠ ᠴᠤ ᠲᠠᠷᠠ ᠡᠨᠡᠬᠦ ᠦᠵᠡᠭᠳᠡᠯ ᠴᠦᠮ ᠠᠲᠠᠯᠢ ᠪᠤᠰᠤ ᠬᠡᠮᠵᠢᠶ᠎ᠡ ᠲᠠᠢ ᠠᠰᠠᠭᠤᠳᠠᠯ ᠤᠷᠤᠰᠢᠵᠤ ᠪᠠᠶᠢᠭ᠎ᠠ ᠶᠣᠮ᠃ ᠵᠣᠬᠢᠶᠠᠭᠴᠢ ᠶᠢᠨ ᠦᠵᠡᠬᠦ ᠪᠠᠷ᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠠᠵᠢᠯ ᠲᠥᠷᠥᠯ ᠤᠨ ᠬᠢᠨ ᠴᠢᠨᠠᠷ ᠰᠠᠶᠢᠲᠠᠶ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠬᠦ ᠬᠡᠷᠡᠭᠲᠡᠶ᠃     ᠮᠠᠨ ᠤ ᠤᠯᠤᠰ ᠤᠨ ᠠᠮᠢᠳᠤᠷᠠᠯ ᠤᠨ ᠬᠤᠭ ᠨᠤᠪᠰᠢ ᠶᠢ ᠰᠢᠳᠠᠭᠠᠵᠤ ᠴᠠᠬᠢᠯᠭᠠᠨ ᠭᠠᠷᠭᠠᠬᠤ ᠠᠵᠢᠯ ᠨᠢ ᠠᠵᠤ ᠦᠢᠯᠡᠰ ᠤᠨ ᠪᠣᠯᠪᠠᠰᠤᠷᠠᠩᠭᠤᠢ ᠬᠥᠭᠵᠢᠯᠲᠡ ᠶᠢᠨ ᠬᠤᠭᠤᠴᠠᠭᠠᠨ ᠳᠤ ᠪᠠᠶᠢᠨ᠎ᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠤ 8 ᠳ᠋ᠤᠭᠠᠷ ᠰᠠᠷ᠎ᠠ ᠪᠣᠯᠲᠠᠯ᠎ᠠ᠂ ᠪᠥᠬᠦ ᠤᠯᠤᠰ ᠤᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ 925 ᠡᠷᠦᠬᠡ ᠪᠣᠯᠵᠣ᠂ ᠡᠳᠦᠷ ᠤᠨ ᠰᠢᠢᠳᠪᠦᠷᠢᠯᠡᠬᠦ ᠴᠢᠳᠠᠪᠤᠷᠢ 103.5 ᠲᠦᠮᠡᠨ ᠲᠣᠨ ᠳᠤ ᠬᠦᠷᠴᠡᠶ᠃ 13 ᠵᠢᠯ ᠤᠨ ᠬᠤᠭᠤᠴᠠᠭᠠᠨ ᠳᠤ᠂ ᠳᠤᠮᠳᠠᠳᠤ ᠤᠯᠤᠰ ᠤᠨ ᠠᠮᠢᠳᠤᠷᠠᠯ ᠤᠨ ᠬᠤᠭ ᠨᠣᠪᠰᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠤᠭ᠎ᠠ 9 ᠳᠠᠬᠢᠨ ᠨᠡᠮᠡᠭᠳᠡᠵᠦ᠂ ᠰᠢᠢᠳᠪᠦᠷᠢᠯᠡᠬᠦ ᠴᠢᠳᠠᠪᠤᠷᠢ 16 ᠳᠠᠬᠢᠨ ᠨᠡᠮᠡᠭᠳᠡᠪᠡ᠃ ᠬᠠᠮᠢᠶ᠎ᠠ ᠪᠦᠬᠦᠢ ᠪᠠᠶᠢᠭᠤᠯᠤᠮᠵᠢ ᠵᠢᠨ‌‍ᠪᠠᠶᠢᠴᠠᠭᠠᠨ ᠰᠤᠳᠤᠯᠤᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠣᠳᠣᠬᠠᠨ ᠳᠤ ᠮᠠᠨ ᠤ ᠤᠯᠤᠰ ᠤᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠳᠤᠮᠳᠠᠴᠢ ᠳᠠᠭᠠᠭᠠᠴᠠ ᠶᠢᠨ ᠨᠣᠷᠮ᠎ᠠ ᠨᠢ ᠪᠠᠷᠤᠭ 60% ᠪᠠᠶᠢᠵᠤ᠂ ᠮᠠᠰᠢ ᠤᠯᠠᠨ ᠦᠢᠯᠡᠳᠪᠦᠷᠢ ᠶᠢᠨ ᠬᠢᠨ ᠪᠦᠬᠦ ᠴᠢᠳᠠᠮᠵᠢ ᠪᠠᠷ ᠢᠶᠠᠨ ᠠᠵᠢᠯᠯᠠᠵᠤ ᠲᠡᠶᠢᠯᠬᠦ ᠦᠭᠡᠢ ᠪᠠᠶᠢᠨ᠎ᠠ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠦᠷᠭᠡᠨ ᠬᠥᠭᠵᠢᠯᠲᠡ ᠪᠣᠯᠤᠨ ᠠᠮᠢᠳᠤᠷᠠᠯ ᠤᠨ ᠬᠤᠭ ᠨᠣᠪᠰᠢ ᠶᠢ ︽ᠠᠯᠪᠠᠳᠠᠯᠭ᠎ᠠ ᠶᠢᠨ  ᠴᠢᠨᠠᠷᠳᠠᠢ︾ ᠲᠥᠷᠥᠯ ᠬᠤᠪᠢᠶᠠᠵᠤ᠂ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠪᠠᠭᠠᠰᠤᠭᠰᠠᠨ ᠨᠢ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ︽ᠢᠳᠡᠵᠦ ᠴᠠᠳᠬᠤ ᠦᠭᠡᠶ︾ ᠪᠠᠶᠢᠳᠠᠯ ᠨᠢ ᠭᠤᠤᠯ ᠰᠢᠯᠲᠠᠭᠠᠨ ᠪᠣᠯᠤᠨ᠎ᠠ᠃      ᠠᠮᠢᠳᠤᠷᠠᠯ ᠤᠨ ᠬᠤᠭ ᠨᠤᠪᠰᠢ ᠲᠤᠳᠠᠭᠳᠠᠵᠤ ᠪᠠᠶᠢᠬᠤ ᠨᠢ ︽ᠡᠪᠡᠷᠰᠢᠶᠡᠯ ᠴᠡᠭ︾ ᠮᠦᠨ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠦᠢᠯᠡᠳᠪᠦᠷᠢᠯᠡᠬᠦ ᠴᠢᠳᠠᠪᠤᠷᠢ ᠦᠯᠡᠭᠦᠳᠡᠭᠰᠡᠨ ᠤᠷᠢᠲᠠᠯ ᠳᠣᠤᠷ᠎ᠠ᠂ ᠬᠠᠮᠤᠭ ᠰᠠᠶᠢᠨ ᠠᠷᠭ᠎ᠠ ᠪᠤᠯ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠬᠡᠮᠵᠢᠶ᠎ᠡ ᠶᠢ ᠨᠡᠮᠡᠭᠳᠡᠭᠦᠯᠦᠨ᠎ᠡ᠃ ᠣᠳᠣᠬᠠᠨ ᠳᠤ ᠠᠵᠢᠯ ᠲᠥᠷᠥᠯ ᠤᠨ ᠳᠣᠲᠣᠭᠠᠳᠤ ᠳᠤ ᠬᠡᠷᠡᠭᠯᠡᠵᠦ ᠪᠠᠶᠢᠭ᠎ᠠ ᠭᠤᠤᠯᠳᠠᠭᠤ ᠬᠤᠶᠠᠷ ᠵᠦᠢᠯ ᠤᠨ ᠰᠢᠢᠳᠪᠦᠷᠢᠯᠡᠬᠦ ᠠᠷᠭ᠎ᠠ ᠪᠣᠶ᠄ ᠨᠢᠭᠡ ᠳᠤ᠂ ᠬᠡᠮᠵᠢᠶ᠎ᠡ ᠶᠢ ᠪᠠᠭᠠᠰᠬᠠᠵᠤ ᠨᠡᠮᠡᠭᠳᠡᠯ ᠤᠨ ᠬᠡᠮᠵᠢᠶ᠎ᠡ ᠪᠣᠯᠭᠠᠨ ᠬᠤᠪᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠪᠡᠯᠡᠳᠬᠡᠮᠵᠢ ᠶᠢ ᠠᠰᠢᠭᠯᠠᠨ ᠠᠮᠢᠳᠤᠷᠠᠯ ᠤᠨ ᠬᠤᠭ ᠨᠣᠪᠰᠢ ᠪᠣᠯᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠨ᠎ᠡ︔ ᠡᠭᠦᠨ ᠳᠤ ᠬᠤᠲᠠ ᠶᠢᠨ ᠶᠠᠪᠤᠳᠠᠯ ᠤᠨ ᠪᠣᠬᠢᠷ ᠰᠢᠪᠠᠷ᠂ ᠨᠠᠮᠤᠭ ᠤᠨ ᠰᠢᠭᠠᠷᠤ ᠠᠭᠰᠢᠭᠠᠮᠠᠯ ᠰᠢᠩᠭᠡᠨ ᠵᠡᠷᠭᠡ ᠶᠢ ᠪᠠᠭᠲᠠᠭᠠᠨ᠎ᠠ︔   ᠬᠤᠶᠠᠷ ᠲᠤ᠂ ᠬᠠᠳᠠᠭᠠᠯᠠᠯᠲᠠ ᠶᠢᠨ ᠬᠡᠮᠵᠢᠶ᠎ᠡ ᠶᠢ ᠨᠡᠮᠡᠭᠳᠡᠯ ᠤᠨ ᠬᠡᠮᠵᠢᠶ᠎ᠡ ᠪᠤᠯᠠᠭᠠᠨ ᠬᠤᠪᠢᠷᠠᠭᠤᠯᠵᠦ᠂ ᠭᠦᠨ ᠪᠤᠯᠠᠭᠰᠠᠨ ᠭᠠᠵᠠᠷ ᠳᠣᠤᠷᠠᠬᠢ ᠣᠯᠠᠨ ᠵᠢᠯ ᠤᠨ ᠬᠠᠭᠤᠴᠢᠷᠠᠭᠰᠠᠨ ᠬᠤᠭ ᠨᠣᠪᠰᠢ ᠶᠢ ᠳᠠᠬᠢᠨ ᠠᠭᠤᠳᠠᠯᠵᠤ᠂ ᠰᠢᠢᠳᠪᠦᠷᠢᠯᠡᠭᠰᠡᠨ ᠤ ᠳᠠᠷᠠᠭ᠎ᠠ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠳᠤ ᠬᠡᠷᠡᠭᠯᠡᠨ᠎ᠡ᠃    ᠪᠣᠳᠠᠲᠠᠶ ᠠᠵᠢᠯᠯᠠᠭᠠᠨ ᠳᠤᠮᠳᠠ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠡᠷᠬᠡᠪᠰᠢ ᠬᠠᠮᠢᠶ᠎ᠠ ᠪᠥᠬᠦᠶ ᠮᠡᠷᠭᠡᠵᠢᠯ ᠢ ᠳᠡᠭᠡᠭᠰᠢᠯᠡᠭᠦᠯᠵᠦ᠂ ᠣᠷᠴᠢᠨ ᠠᠬᠤᠶ ᠶᠢᠨ ᠬᠠᠮᠠᠭᠠᠯᠠᠯᠲᠠ ᠬᠢᠭᠡᠳ ᠠᠮᠤᠷ ᠲᠦᠪᠰᠢᠨ ᠢ ᠴᠢᠬᠤᠯᠠᠴᠢᠯᠠᠬᠤ ᠬᠡᠷᠡᠭᠲᠡᠶ᠃      ᠠᠯᠤᠰ ᠬᠡᠲᠦ ᠶᠢᠨ ᠲᠠᠯ᠎ᠠ ᠠᠴᠠ ᠦᠵᠡᠪᠡᠯ᠂ ᠨᠢᠭᠡ ᠲᠠᠯ᠎ᠠ ᠪᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠮᠢᠳᠤᠷᠠᠯ ᠤᠨ ᠬᠤᠭ ᠨᠣᠪᠰᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠥᠯᠥᠪᠵᠢᠭᠦᠯᠭᠡ ᠬᠢᠬᠦ ᠳᠡᠭᠡᠨ ᠨᠠᠩ ᠰᠢᠨᠵᠢᠯᠡᠬᠦ ᠤᠬᠠᠭᠠᠨᠴᠢ᠂ ᠨᠠᠩ ᠣᠨᠣᠪᠴᠢᠲᠠᠶ ᠪᠠᠶᠢᠵᠤ᠂ ᠨᠢᠭᠡᠳᠦᠯᠲᠡᠶ ᠲᠥᠯᠥᠪᠯᠡᠬᠦ ᠪᠠ ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠡᠮᠬᠢ ᠵᠢᠷᠤᠮ ᠲᠠᠢ ᠪᠥᠲᠥᠭᠡᠨ ᠪᠠᠶᠢᠭᠤᠯᠵᠤ ᠡᠵᠡᠩᠨᠡᠬᠦ ᠬᠡᠷᠡᠭᠲᠡᠶ︔ ᠨᠥᠭᠦᠭᠡ ᠲᠠᠯ᠎ᠠ ᠪᠠᠷ᠂ ᠠᠮᠢᠳᠤᠷᠠᠯ ᠤᠨ ᠬᠤᠭ ᠨᠣᠪᠰᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠴᠤ ᠳᠣᠲᠣᠷ ᠲᠠᠮᠢᠷ ᠢᠶᠠᠨ ᠰᠠᠶᠢᠲᠤᠷ ᠪᠤᠯᠪᠠᠰᠤᠷᠠᠭᠤᠯᠬᠤ ᠬᠡᠷᠡᠭᠲᠡᠢ᠃ ᠥᠷᠢᠰᠥᠯᠳᠦᠭᠡᠨ ᠨᠢ ᠮᠦᠨ ᠴᠦ ᠠᠵᠠ ᠲᠣᠬᠢᠶᠠᠯ ᠮᠥᠨ᠂ ︽ᠬᠤᠣᠰ ᠨᠡᠭᠦᠷᠡᠰᠦᠲᠥ᠋ᠷᠥᠭᠴᠢ︾ ᠶᠢᠨ ᠠᠬᠤᠶ ᠪᠠᠶᠢᠳᠠᠯ ᠳᠣᠤᠷ᠎ᠠ᠂ ᠲᠠᠰᠤᠷᠠᠯᠲᠠ ᠥᠬᠡᠶ ᠲᠡᠭᠡᠭᠰᠢᠯᠡᠵᠦ ᠪᠠᠶᠢᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢᠨ ᠤᠷᠢᠳᠠᠯ ᠳᠤ᠂ ᠬᠠᠮᠢᠶ᠎ᠠ ᠪᠥᠬᠦᠶ ᠠᠵᠤ ᠠᠬᠤᠶᠢᠯᠠᠯ ᠤᠳ ᠠᠵᠢᠯ ᠲᠥᠷᠥᠯ ᠤᠨ ᠬᠠᠨᠳᠤᠰᠢ ᠶᠢ ᠴᠢᠩᠭ᠎ᠠ ᠳᠠᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠪᠠᠨ ᠬᠥᠲᠥᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠮᠡᠷᠭᠡᠵᠢᠯ ᠢ ᠰᠢᠯᠢᠳᠡᠭᠵᠢᠭᠦᠯᠦᠨ ᠰᠠᠶᠢᠵᠢᠷᠠᠭᠤᠯᠵᠤ᠂ ᠡᠵᠡᠩᠨᠡᠯᠲᠡ ᠶᠢᠨ ᠦᠢᠯᠡᠴᠢᠯᠡᠭᠡ ᠶᠢ ᠦᠷᠭᠡᠳᠭᠡᠨ᠎ᠡ᠂ ᠵᠢᠱᠢᠶᠡᠯᠡᠪᠡᠯ ᠦᠯᠡᠳᠡᠪᠦᠷᠢ ᠢᠯᠴᠢ ᠶᠢ ᠠᠰᠢᠭᠯᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶ ᠶᠢᠨ ᠦᠷ᠎ᠡ ᠠᠰᠢᠭ ᠤᠨ ᠬᠦᠷᠦᠯᠴᠡᠬᠦ ᠥᠬᠡᠶ ᠲᠠᠯ᠎ᠠ ᠶᠢ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ︽ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠦᠨᠡᠨ ᠬᠦ ᠪᠠᠲᠤᠯᠠᠵᠤ᠂ ᠠᠵᠢᠯ ᠲᠥᠷᠥᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1