ᠨᠢᠭᠡᠨᠲᠡ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠦ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/25
       ᠭᠡᠷ ᠪᠠᠶᠢᠰᠢᠩ ᠭᠠᠵᠠᠷ ᠬᠥᠷᠥᠩᠭᠡ ᠨᠢ ᠠᠷᠠᠳ ᠣᠯᠠᠨ ᠤ ᠬᠤᠪᠢ ᠶᠢᠨ ᠠᠰᠢᠭ ᠲᠤᠰᠠ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ 4 ᠳ᠋ᠤᠭᠡᠷ ᠰᠠᠷ᠎ᠠ ᠶᠢᠨ 30 ᠤ ᠡᠳᠦᠷ᠂ ᠲᠦᠪ ᠤᠨ ᠤᠯᠤᠰ ᠲᠦᠷᠦ ᠶᠢᠨ ᠲᠤᠪᠴᠢᠶᠠᠨ ᠤ ᠬᠤᠷᠠᠯᠳᠤᠭᠠᠨ ᠠᠴᠠ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢᠨ ᠰᠢᠨ᠎ᠡ ᠬᠤᠪᠢᠷᠠᠯᠲᠠ᠂ ᠠᠷᠠᠳ ᠣᠯᠠᠨ ᠤ ᠴᠢᠨᠠᠷ ᠰᠠᠶᠢᠲᠠᠶ ᠣᠷᠣᠨ ᠰᠠᠭᠤᠴᠠ ᠶᠢᠨ ᠲᠤᠬᠠᠶ ᠰᠢᠨ᠎ᠡ ᠬᠦᠰᠡᠯ ᠡᠷᠡᠮᠡᠯᠵᠡᠯ ᠲᠠᠢ ᠤᠶᠠᠯᠳᠤᠭᠤᠯᠤᠨ᠂ ᠦᠯᠡᠳᠡᠭᠳᠡᠯ ᠬᠡᠷ ᠪᠠᠶᠢᠰᠢᠩ ᠭᠠᠵᠠᠷ ᠬᠥᠷᠥᠩᠭᠡ ᠶᠢ ᠰᠢᠩᠭᠡᠭᠡᠬᠦ ᠪᠠ ᠨᠡᠮᠡᠭᠳᠡᠯ ᠣᠷᠣᠨ ᠰᠠᠭᠤᠴᠠ ᠶᠢ ᠰᠢᠯᠢᠳᠡᠭᠵᠢᠭᠦᠯᠬᠦ ᠲᠥᠷᠥ  ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠰᠤᠳᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠱᠠᠯᠠᠪᠳᠠᠨ ᠪᠠᠶᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ 6 ᠳ᠋ᠤᠭᠠᠷ ᠰᠠᠷ᠎ᠠ ᠶᠢᠨ 20 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠬᠡᠷ ᠪᠠᠶᠢᠰᠢᠩ ᠢ ᠬᠤᠳᠠᠯᠳᠤᠨ ᠠᠪᠴᠦ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠠᠶᠢᠯᠠᠪᠦᠷᠢᠯᠠᠨ᠂ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠱᠠᠭᠠᠷᠳᠠᠯᠭ᠎ᠠ ᠶᠢ ᠲᠤᠳᠤᠷᠬᠠᠶᠢᠯᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠬᠤᠲᠠ ᠶᠢᠨ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠬᠡᠷ ᠪᠠᠶᠢᠰᠢᠩ ᠢ ᠬᠤᠳᠠᠯᠳᠤᠨ ᠠᠪᠬᠤ ᠠᠵᠢᠯ ᠢ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠳᠥᠯᠭᠢᠨ ᠠᠬᠢᠭᠤᠯᠪᠠ᠃      ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠷᠭᠠᠭᠰᠠᠨ ᠴᠢᠬᠤᠯᠠ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠬᠦ ᠬᠡᠷᠡᠭᠲᠡᠢ᠃ ᠨᠢᠭᠡ ᠳᠤ᠂ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠭᠡᠷ ᠪᠠᠶᠢᠰᠢᠩ ᠤᠨ ᠬᠠᠳᠠᠭᠠᠯᠠᠯᠲᠠ   ᠶᠢᠨ ᠬᠡᠪᠴᠢᠶ᠎ᠡ ᠶᠢ ᠪᠠᠭᠠᠰᠬᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠳᠤ ᠠᠰᠢᠭᠲᠠᠶ᠃ ᠬᠤᠶᠠᠷ ᠲᠤ᠂ ᠦᠯᠡᠳᠡᠭᠳᠡᠯ ᠭᠠᠵᠠᠷ ᠰᠢᠷᠣᠶ ᠪᠠ ᠬᠡᠷ ᠪᠠᠶᠢᠰᠢᠩ ᠤᠨ ᠡᠬᠢ ᠪᠠᠶᠠᠯᠢᠭ ᠢ ᠠᠮᠢᠳᠤᠯᠢᠭ ᠪᠤᠯᠭᠠᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ ᠪᠠ ᠴᠠᠯᠢᠩ ᠢᠶᠠᠷ ᠣᠷᠣᠯᠭ᠎ᠠ ᠪᠣᠯᠭᠠᠭᠰᠠᠨ ᠬᠥᠮᠦᠰ ᠤᠨ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠳᠤ ᠠᠰᠢᠭᠲᠠᠶ ᠶᠤᠮ᠃ ᠭᠤᠷᠪᠠ ᠳᠤ᠂ ᠪᠠᠳᠤᠯᠠᠭᠠᠳᠤ ᠲᠤᠰᠢᠶᠠᠬᠤ ᠣᠷᠣᠨ ᠰᠠᠭᠤᠴᠠ ᠶᠢᠨ ᠠᠵᠢᠯ ᠪᠠ ︽ᠴᠠᠭᠠᠨ ᠨᠡᠷᠡᠰ ︾ ᠤᠨ ᠲᠣᠭᠲᠠᠴᠠ ᠯᠤᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠰᠢᠭᠲᠠᠶ ᠶᠤᠮ᠃      ᠨᠢᠭᠡᠨᠲᠡ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠶᠢ ᠲᠦᠯᠬᠢᠨ ᠠᠬᠢᠭᠤᠯᠬᠤ ᠶᠠᠪᠤᠴᠠ ᠳᠤ᠂ ᠰᠡᠳᠬᠢᠴᠡ ᠪᠠᠨ ᠥᠷᠭᠡᠳᠬᠡᠵᠦ᠂ ᠯᠠᠪᠳᠠᠭᠤᠨ ᠢᠶᠠᠷ ᠡᠵᠡᠮᠳᠡᠵᠦ᠂ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃ ᠨᠢᠭᠡ ᠳᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠬᠡᠷᠡᠭᠴᠡᠭᠡ ᠪᠠᠷ ᠬᠤᠳᠠᠯᠳᠤᠨ ᠠᠪᠴᠦ ᠲᠣᠭᠲᠠᠭᠠᠬᠤ ᠶᠢ ᠪᠠᠷᠢᠮᠲᠠᠯᠠᠨ᠎ᠠ᠃ ᠲᠤᠰ ᠭᠠᠵᠠᠷ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠪᠣᠯᠤᠨ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠭᠡᠷ ᠪᠠᠶᠢᠰᠢᠩ ᠤᠨ ᠬᠠᠳᠠᠭᠠᠯᠠᠯᠲᠠ ᠶᠢᠨ ᠬᠡᠮᠵᠢᠶ᠎ᠡ ᠶᠢ ᠪᠦᠬᠦ ᠲᠠᠯ᠎ᠠ ᠪᠠᠷ ᠨᠠᠷᠢᠨ ᠣᠶᠢᠯᠠᠭᠠᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠵᠦ ᠪᠤᠯᠬᠤ ᠲᠠᠸᠠᠷ ᠤᠨ ᠭᠡᠷ ᠪᠠᠶᠢᠰᠢᠩ ᠤᠨ ᠢᠷᠡᠯᠲᠡ ᠶᠢ ᠵᠦᠢ ᠵᠣᠬᠢᠰᠲᠠᠶ ᠲᠣᠭᠲᠠᠭᠠᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠲᠣᠭᠲᠠᠭᠠᠬᠤ ᠬᠡᠷᠡᠭᠲᠡᠶ᠃ ᠬᠤᠶᠠᠷ ᠲᠤ᠂ ᠵᠢᠷᠤᠮᠵᠢᠭᠤᠨ ᠢᠶᠠᠷ ᠬᠡᠷᠡᠭᠵᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠬᠤᠳᠠᠯᠳᠤᠨ ᠠᠪᠬᠤ ᠭᠤᠤᠯ ᠴᠣᠭᠴᠠ᠂ ᠬᠤᠳᠠᠯᠳᠤᠨ ᠠᠪᠬᠤ ᠶᠠᠪᠤᠴᠠ᠂ ᠲᠦᠭᠡᠭᠡᠨ ᠬᠤᠳᠠᠯᠳᠤᠬᠤ ᠲᠦᠷᠢᠶᠡᠰᠦᠭᠦᠯᠬᠦ ᠶᠢ ᠵᠢᠷᠤᠮᠵᠢᠭᠤᠯᠤᠨ᠂ ᠬᠤᠳᠠᠯᠳᠤᠨ ᠠᠪᠤᠭᠰᠠᠨ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠭᠡᠷ ᠪᠠᠶᠢᠰᠢᠩ ᠤᠨ ᠥᠷᠥᠭᠡ ᠶᠢᠨ ᠬᠡᠯᠪᠡᠷᠢ᠂ ᠲᠠᠯᠠᠪᠠᠢ᠂ ᠦᠨ᠎ᠡ ᠬᠠᠩᠰᠢ᠂ ᠪᠠᠶᠢᠷᠢᠯᠠᠯ ᠢ ᠴᠥᠮ ᠲᠣᠬᠢᠷᠠᠮᠵᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠵᠣᠯᠭᠠᠯᠴᠠᠭ᠎ᠠ ᠶᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠪᠠᠩᠬᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠥᠪᠡᠷ ᠤᠨ ᠥᠷᠲᠡᠭ  ᠢᠶᠠᠷ ᠳᠣᠤᠷ᠎ᠠ ᠵᠢᠭᠡᠯᠡᠯᠭᠡ ᠶᠢᠨ ᠪᠡᠯᠡ ᠮᠥᠩᠭᠦ ᠶᠢ ᠭᠦᠢᠴᠡᠳ ᠠᠰᠢᠭᠯᠠᠨ᠂ ᠪᠡᠯᠡ ᠮᠥᠩᠭᠦ ᠶᠢᠨ ᠲᠡᠩᠴᠡᠭᠦᠷᠢ᠂ ᠲᠥᠷᠥᠯ ᠵᠦᠢᠯ ᠢ ᠦᠷᠭᠦᠯᠵᠢᠯᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃      ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠲᠠᠶᠢᠴᠢᠯᠠᠵᠤ᠂ ᠵᠣᠬᠢᠶᠠᠨ ᠪᠠᠶᠢᠭᠤᠯᠤᠯᠲᠠ ᠨᠢ ᠠᠷᠭ᠎ᠠ ᠲᠠᠢ᠂ ᠠᠵᠢᠯᠯᠠᠭ᠎ᠠ ᠨᠢ ᠬᠦᠴᠦᠲᠡᠢ᠂ ᠨᠠᠶᠢᠳᠠᠪᠤᠷᠢᠵᠢᠭᠤᠯᠤᠯᠲᠠ ᠨᠢ ᠪᠦᠲᠦᠮᠵᠢᠲᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠢᠭᠡ ᠳᠤ᠂ ᠠᠵᠢᠯ ᠤᠨ ᠲᠣᠭᠲᠠᠴᠠ ᠶᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠤᠯᠠᠨ ᠰᠠᠯᠠᠭ᠎ᠠ ᠮᠥᠴᠢᠷ ᠤᠨ ᠬᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠤᠬᠠᠢ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠠᠷᠭ᠎ᠠ᠂ ᠪᠣᠳᠠᠲᠠᠶ ᠱᠠᠭᠠᠷᠳᠠᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠡᠶᠢᠳᠡᠯᠡᠨ᠎ᠡ᠃ ᠭᠤᠷᠪᠠ ᠳᠤ᠂ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠪᠦᠷᠢᠯᠳᠦᠭᠦᠯᠵᠦ᠂ ᠨᠥᠬᠦᠴᠡᠯ ᠪᠦᠷᠢᠳᠦᠭᠰᠡᠨ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠦᠷᠪᠡ ᠳᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠡᠭᠦᠳᠬᠦ ᠪᠠ ᠳ᠋ᠦᠩᠨᠡᠵᠦ᠂ ᠦᠯᠢᠭᠡᠷ ᠳᠠᠭᠤᠷᠢᠶᠠᠯ ᠢᠶᠠᠷ ᠬᠦᠳᠦᠯᠦᠨ ᠳᠠᠭᠠᠭᠤᠯᠬᠤ᠂ ᠵᠢᠱᠢᠶ᠎ᠡ ᠦᠵᠡᠭᠦᠯᠬᠦ ᠶᠢ ᠤᠷᠢᠳᠠᠪᠠᠷ ᠬᠡᠷᠡᠭᠵᠢᠭᠦᠯᠵᠦ᠂ ᠠᠵᠢᠯ  ᠤᠨ ᠥᠷᠨᠢᠯᠲᠡ ᠶᠢ ᠭᠦᠨᠵᠡᠭᠡᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ      ᠭᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠤᠨ ᠠᠷᠠᠳᠴᠢ ᠴᠢᠨᠠᠷ᠂ ᠤᠯᠤᠰ ᠲᠦᠷᠦᠴᠢ ᠴᠢᠨᠠᠷ ᠢ ᠭᠦᠨᠵᠡᠭᠡᠢ ᠲᠠᠨᠢᠵᠤ᠂ ᠦᠯᠡᠳᠡᠭᠳᠡᠯ ᠭᠡᠷ ᠪᠠᠶᠢᠰᠢᠩ ᠭᠠᠵᠠᠷ ᠬᠦᠷᠦᠩᠭᠡ ᠶᠢ ᠰᠢᠩᠭᠡᠭᠡᠬᠦ ᠶᠢ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠠᠪᠤᠴᠠ ᠳᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠰᠢᠨ᠎ᠡ ᠬᠤᠪᠢᠷᠠᠯᠲᠠ᠂ ᠠᠷᠠᠳ ᠣᠯᠠᠨ ᠤ ᠴᠢᠨᠠᠷ ᠰᠠᠶᠢᠲᠠᠶ ᠣᠷᠣᠨ ᠰᠠᠭᠤᠴᠠ ᠶᠢᠨ ᠰᠢᠨ᠎ᠡ ᠬᠦᠰᠡᠯ ᠡᠷᠡᠮᠡᠯᠵᠡᠯ ᠲᠠᠢ ᠭᠦᠢᠴᠡᠳ ᠤᠶᠠᠯᠳᠤᠭᠤᠯᠤᠨ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠤᠨ ᠶᠣᠰᠣᠭᠠᠷ᠂ ᠡᠯ᠎ᠡ ᠵᠦᠢᠯ ᠤᠨ ᠠᠵᠢᠯ ᠢᠶᠠᠨ ᠨᠠᠷᠢᠯᠢᠬᠵᠢᠭᠤᠯᠵᠤ᠂ ᠡᠭᠦᠷᠭᠡ ᠪᠠᠨ ᠵᠦᠶ ᠵᠣᠬᠢᠰᠲᠠᠶ ᠲᠣᠭᠲᠠᠭᠠᠨ᠂ ᠠᠵᠢᠯ ᠤᠨ ᠴᠠᠭ ᠤᠨ ᠬᠦᠰᠦᠨᠦᠭᠲᠦ ᠶᠢ ᠰᠢᠨᠵᠢᠯᠡᠬᠦ ᠤᠬᠠᠭᠠᠨᠴᠢ ᠪᠠᠷ ᠵᠢᠭᠰᠠᠭᠠᠵᠤ᠂ ᠵᠠᠮ ᠱᠤᠭᠤᠮ ᠤᠨ ᠵᠢᠷᠤᠭ ᠢ ᠣᠨᠣᠪᠴᠢᠲᠠᠶ ᠵᠢᠷᠤᠭᠯᠠᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠠᠵᠢᠯᠯᠠᠵᠦ᠂ ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠬᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠠᠵᠢᠯ ᠢ ᠳᠥᠯᠭᠢᠨ ᠠᠬᠢᠭᠤᠯᠵᠤ᠂ ᠨᠠᠮ ᠪᠠ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠶ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1