ᠲᠣᠭᠲᠠᠬᠤ ᠰᠢᠶᠠᠨ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡᠨ ᠤ ᠴᠡᠭ︾ ᠢ ᠪᠠᠶᠢᠭᠤᠯᠵᠤ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2024/7/29
      ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠲᠤᠬᠠᠢ ᠬᠠᠤᠯᠢ ᠴᠠᠭᠠᠵᠠ ᠶᠢᠨ ᠶᠠᠮᠤᠨ ᠤ ᠴᠢᠬᠤᠯᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 24 ᠤ ᠡᠳᠦᠷ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠵᠤ ᠠᠬᠤᠶᠢᠯᠠᠯ ᠨᠡᠯᠢᠶᠡᠳ ᠲᠥᠪᠯᠡᠷᠡᠭᠰᠡᠨ ᠲᠣᠭᠲᠠᠬᠤ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠤᠯᠢ ᠴᠠᠭᠠᠵᠠ ᠶᠢᠨ ᠭᠠᠵᠠᠷ ᠲᠤ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡᠨ ᠤ ᠴᠡᠭ︾ ᠢ ᠫᠠᠶᠢᠰᠠ ᠡᠯᠭᠦᠨ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ ᠤᠨ ᠭᠤᠭᠴᠤᠭ᠎ᠠ ᠶᠢ ᠠᠵᠤ ᠠᠬᠤᠶᠢᠯᠠᠯᠲᠠᠨ ᠤ ᠡᠭᠦᠳᠡᠨ ᠳᠤ ᠲᠠᠯᠪᠢᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡᠨ ᠤ ᠴᠡᠭ ᠲᠤ ᠵᠠᠰᠠᠭ ᠵᠠᠬᠢᠷᠭᠠᠨ ᠤ ᠮᠠᠷᠭᠤᠯᠳᠤᠭᠠᠨ ᠢ ᠡᠶᠡᠳᠡᠭᠦᠯᠬᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠯᠡᠯᠭᠡ ᠥᠭᠬᠦ ᠦᠢᠯᠡᠴᠢᠯᠡᠭᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠦᠢᠯᠡᠴᠢᠯᠡᠭᠡᠨ ᠤ ᠴᠢᠳᠠᠮᠵᠢ ᠶᠢ ᠡᠮᠬᠢᠯᠡᠨ ᠨᠡᠶᠢᠯᠡᠭᠦᠯᠪᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡᠨ ᠤ ᠴᠡᠭ ᠤᠨ ᠮᠥᠨ ᠴᠢᠨᠠᠷ ᠤᠨ ᠦᠢᠯᠡᠳᠦᠯ ᠢ ᠪᠠᠳᠠᠷᠠᠭᠤᠯᠬᠤ ᠶᠢ ᠪᠠᠲᠤᠯᠠᠬᠤ ᠶᠢᠨ ᠲᠥᠯᠥᠭᠡ᠂ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠦᠢᠯᠡᠴᠢᠯᠡᠭᠡᠨ ᠤ ᠴᠡᠭ ᠤᠨ ᠠᠵᠢᠯᠲᠠᠨ ᠳᠤ ᠲᠤᠬᠠᠶᠢᠯᠠᠭᠰᠠᠨ ᠠᠵᠢᠯ ᠤᠨ ᠨᠠᠷᠢᠨ ᠵᠢᠯᠣᠭᠤᠳᠣᠯᠭ᠎ᠠ ᠬᠢᠵᠦ᠂ ᠳᠠᠬᠢᠨ ᠵᠥᠪᠯᠡᠬᠦ ᠦᠢᠯᠡᠴᠢᠯᠡᠭᠡᠨ ᠤ ᠴᠡᠭ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠳᠠᠬᠢᠨ ᠵᠥᠪᠯᠡᠵᠦ ᠭᠥᠯᠢᠶᠡᠨ ᠠᠪᠴᠤ ᠰᠢᠢᠳᠪᠦᠷᠢᠯᠡᠬᠦ ᠠᠴᠠ ᠡᠮᠦᠨ᠎ᠡ ᠡᠶᠡᠳᠡᠭᠦᠯᠬᠦ᠂ ᠭᠥᠯᠢᠶᠡᠨ ᠠᠪᠴᠤ ᠰᠢᠢᠳᠪᠦᠷᠢᠯᠡᠬᠦ ᠳᠤ ᠨᠡᠶᠢᠴᠡᠬᠦ ᠥᠬᠡᠶ ᠪᠠᠶᠢᠳᠠᠯ ᠵᠢᠴᠢ ᠭᠥᠯᠢᠶᠡᠨ ᠠᠪᠴᠤ ᠰᠢᠢᠳᠪᠦᠷᠢᠯᠡᠬᠦ ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠭᠦᠯᠬᠦ ᠭᠤᠶᠤᠴᠢᠯᠠᠯ ᠢ ᠣᠶᠢᠷ᠎ᠠ ᠬᠠᠪᠢ ᠳᠤᠨᠢ  ᠭᠦᠢᠴᠡᠳᠭᠡᠵᠦ ᠳᠡᠶᠢᠯᠬᠦ᠂ ᠳᠤᠲᠠᠭᠤ ᠭᠦᠶᠦᠯᠭᠡᠬᠦ ᠶᠢ ᠪᠡᠶᠡᠯᠡᠭᠦᠯᠪᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠭᠤᠤᠯ ᠠᠷᠭ᠎ᠠ ᠵᠠᠮ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠪᠡ᠃      ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠨ ᠴᠢᠬᠤᠯᠠ ᠠᠵᠢᠯ ᠪᠣᠯᠭᠠᠨ ᠴᠢᠩᠭ᠎ᠠ ᠪᠥᠭᠡᠳ ᠰᠠᠶᠢᠲᠤᠷ ᠠᠳᠬᠤᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠤ ᠠᠷᠤ ᠳᠠᠬᠢ ᠵᠢᠭᠤᠷᠠᠯᠳᠤᠭᠠᠨ ᠤ ᠵᠠᠩᠭᠢᠯᠠᠭ᠎ᠠ ᠶᠢ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠬᠠᠤᠯᠢ ᠶᠢ ᠠᠵᠤ ᠠᠬᠤᠶᠢᠯᠠᠯ ᠳᠤ ᠬᠦᠷᠭᠡᠵᠦ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠠᠵᠤ ᠠᠬᠤᠶᠢᠯᠠᠯ ᠯᠤᠭ᠎ᠠ ᠰᠢᠭᠤᠳ ᠨᠡᠪᠲᠡᠷᠡᠯᠴᠡᠬᠦ᠂ ᠲᠦᠷᠭᠡᠨ ᠬᠠᠷᠢᠯᠴᠠᠬᠤ ᠬᠥᠭᠦᠷᠭᠡ ᠪᠠ ᠬᠤᠯᠪᠣᠭᠠᠰᠤ ᠶᠢ ᠪᠠᠶᠢᠭᠤᠯᠵᠤ᠂ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠤᠶᠤᠴᠢᠯᠠᠬᠤ ᠲᠠᠪᠴᠠᠩ ᠪᠠ ᠠᠷᠭ᠎ᠠ ᠵᠠᠮ ᠢ ᠰᠢᠯᠤᠭᠤᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠴᠢᠩᠭᠠᠳᠬᠠᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1