7 ᠳ᠋ᠤᠭᠠᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠵᠠᠯᠠᠭᠤᠴᠤᠳ ᠤᠨ ᠡᠪᠯᠡᠯ ᠤᠨ ᠬᠤᠷᠢᠶ᠎ᠠ ᠠᠴᠠ | ᠭᠤᠤᠯᠴᠢᠯᠠᠨ ᠡᠷᠬᠢᠯᠡᠵᠦ᠂ ᠲᠣᠭᠲᠠᠬᠤ ᠰᠢᠶᠠᠨ ᠤ ᠡᠪᠯᠡᠯ ᠤᠨ ᠬᠤᠷᠢᠶ᠎ᠠ᠂ ᠤᠮᠠᠷᠠᠲᠤ ᠬᠢᠯᠢ ᠶᠢᠨ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠲᠣᠭᠲᠠᠬᠤ ᠰᠢᠶᠠᠨ ᠤ ᠵᠠᠯᠠᠭᠤᠴᠤᠳ | ᠪᠠᠭᠠᠴᠤᠳ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽12355 · ᠵᠠᠯᠠᠭᠤ ᠨᠠᠰᠤᠨ ᠤ ᠠᠶᠠᠯᠠᠯ — | ᠵᠠᠯᠠᠭᠤᠴᠤᠳ ᠲᠤ ᠵᠣᠷᠢᠭᠤᠯᠤᠭᠰᠠᠨ ᠵᠣᠨ ᠤ ᠠᠮᠠᠷᠠᠯᠲᠠ ᠶᠢᠨ ᠬᠤᠭᠤᠴᠠᠭᠠᠨ ᠤ ᠤᠰᠤᠨ ᠳᠤ ᠵᠢᠪᠬᠦ ᠶᠢ ᠰᠡᠷᠭᠡᠶᠢᠯᠡᠬᠦ | ᠥᠪᠡᠷ ᠢ ᠪᠠᠨ ᠬᠠᠮᠠᠭᠠᠯᠠᠬᠤ ᠰᠤᠷᠭᠠᠨ ᠬᠥᠮᠦᠵᠢᠯ ᠤᠨ ᠲᠤᠰᠬᠠᠶ ᠠᠵᠢᠯᠯᠠᠭ᠎ᠠ ᠲᠣᠭᠲᠠᠬᠤ ᠰᠢᠶᠠᠨ ᠤ ᠵᠠᠯᠠᠭᠤᠴᠤᠳ | ᠪᠠᠭᠠᠴᠤᠳ ᠤᠨ ᠣᠷᠳᠣᠨ ᠳᠤ ᠶᠠᠪᠤᠭᠳᠠᠪᠠ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ PPT ᠶᠢ ᠠᠰᠢᠭᠯᠠᠨ ᠰᠢᠭᠤᠳ | ᠠᠵᠢᠭᠯᠠᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠰᠢᠰᠲ᠋ᠧᠮ ᠲᠠᠢ ᠲᠠᠶᠢᠯᠪᠤᠷᠢᠯᠠᠪᠠ᠃ ᠰᠠᠶᠢᠨ | ᠳᠤᠷ᠎ᠠ ᠶᠢᠨ ᠦᠢᠯᠡᠴᠢᠯᠡᠭᠴᠢᠳ ᠤᠨᠤᠯ ᠤᠨ ᠲᠠᠶᠢᠯᠪᠤᠷᠢᠯᠠᠯᠲᠠ ᠢᠶᠠᠷ ᠪᠠᠷᠠᠬᠤ ᠦᠭᠡᠢ᠂ ᠪᠠᠰᠠ ᠲᠤᠬᠠᠶ ᠶᠢᠨ | ᠲᠠᠯᠠᠪᠤᠷ ᠲᠤ ᠤᠰᠤᠨ ᠳᠤ ᠤᠨᠠᠭᠰᠠᠨ ᠤ ᠳᠠᠷᠠᠭᠠᠬᠢ ᠬᠥᠮᠦᠨ ᠤ ᠬᠦᠴᠦᠨ ᠤ ᠠᠮᠢᠰᠬᠤᠯ ᠤᠨ ᠪᠣᠳᠠᠲᠠᠶ ᠠᠵᠢᠯᠯᠠᠭᠠᠨ ᠤ | ᠦᠵᠡᠭᠦᠯᠦᠯᠭᠡ ᠬᠢᠵᠦ᠂ ᠵᠢᠭᠠᠨ ᠰᠤᠷᠭᠠᠯᠲᠠ ᠪᠠᠷ ᠳᠠᠮᠵᠢᠭᠤᠯᠤᠨ᠂ ᠪᠢᠴᠢᠬᠠᠨ ᠨᠠᠶᠢᠵᠠ ᠨᠠᠷ ᠲᠤ ᠡᠨᠡ ᠬᠦ ᠴᠢᠬᠤᠯᠠ | ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢ ᠪᠡᠶ᠎ᠡ ᠪᠠᠷ ᠢᠶᠠᠨ ᠣᠶᠢᠯᠠᠭᠠᠭᠤᠯᠤᠭᠰᠠᠨ ᠪᠥᠭᠡᠳ ᠡᠵᠡᠮᠰᠢᠭᠦᠯᠵᠡᠶ᠃ | ᠠᠵᠢᠯᠯᠠᠭ᠎ᠠ ᠶᠢᠨ ᠳᠠᠷᠠᠭ᠎ᠠ᠂ ᠰᠠᠶᠢᠨ ᠳᠤᠷᠠᠴᠤᠳ ᠪᠠᠰᠠ ᠭᠤᠤᠯᠳᠠᠯᠭ᠎ᠠ ᠲᠠᠢ ᠤᠰᠤᠨ ᠣᠷᠣᠨ ᠳᠤ ᠭᠤᠤᠯ ᠢᠶᠠᠷ | ᠴᠠᠭᠳᠠᠨ ᠪᠠᠶᠢᠴᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ | ᠲᠦᠪᠰᠢᠨ ᠤ ᠮᠡᠳᠡᠯᠭᠡ ᠶᠢᠨ ᠳᠠᠮᠵᠢᠭᠤᠯᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠰᠠᠶᠢᠨ ᠰᠠᠶᠢᠬᠠᠨ | ᠨᠡᠶᠢᠭᠡᠮ ᠤᠨ ᠦᠢᠯᠡᠳᠦᠯ ᠢ ᠪᠣᠶ ᠪᠣᠯᠭᠠᠪᠠ᠃ | ᠵᠠᠯᠠᠭᠤᠴᠤᠳ ᠪᠠᠭᠠᠴᠤᠳ ᠤᠨ ᠤᠰᠤᠨ ᠳᠤ ᠵᠢᠪᠪᠦᠬᠦ ᠶᠢ ᠰᠡᠷᠭᠡᠶᠢᠯᠡᠬᠦ ᠤᠬᠠᠮᠰᠠᠷ ᠪᠣᠯᠤᠨ ᠥᠪᠡᠷ ᠢ ᠪᠠᠨ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠤᠰᠤᠨ ᠳᠤ ᠵᠢᠪᠪᠦᠭᠰᠡᠨ ᠠᠳᠡᠯ ᠢ ᠰᠡᠷᠭᠡᠶᠢᠯᠡᠬᠦ᠂ ᠵᠠᠯᠠᠭᠤᠴᠤᠳ | ᠪᠠᠭᠠᠴᠤᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠵᠠᠩᠭᠢᠯᠠᠭ᠎ᠠ ᠪᠣᠯᠤᠨ᠎ᠠ᠃ ᠪᠢᠳᠡ ᠡᠨᠡ | ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠠᠰᠠᠭᠤᠳᠠᠯ ᠤᠨ | ᠲᠤᠬᠠᠶ ᠠᠩᠬᠠᠷᠤᠯ ᠢ ᠬᠥᠭᠵᠢᠭᠡᠵᠦ᠂ ᠲᠡᠳᠡᠨ ᠢ ᠠᠶᠤᠯ ᠲᠦᠭᠰᠢᠭᠦᠷᠢ ᠶᠢᠨ ᠡᠮᠦᠨ᠎ᠡ ᠯᠠᠪᠳᠠᠭᠤᠨ ᠲᠣᠭᠲᠠᠭᠤᠨ ᠢᠶᠠᠷ | ᠠᠷᠭᠠᠴᠠᠭᠠᠵᠤ᠂ ᠥᠪᠡᠷ ᠢ ᠪᠠᠨ ᠵᠥᠪ ᠠᠪᠤᠷᠠᠬᠤ ᠶᠢ ᠰᠤᠷᠬᠤ ᠶᠢᠨ ᠬᠠᠮᠲᠤ ᠨᠠᠶᠢᠵᠠ ᠨᠠᠷ ᠲᠠᠭᠠᠨ ᠠᠶᠤᠯ ᠲᠦᠭᠰᠢᠭᠦᠷᠢ | ᠤᠴᠠᠷᠠᠭᠤᠯᠬᠤ ᠦᠶ᠎ᠡ ᠳᠤ ᠲᠤᠰᠠᠯᠠᠮᠵᠢ ᠦᠵᠡᠭᠦᠯᠬᠦ ᠶᠢ ᠰᠤᠷᠬᠤ ᠶᠢ ᠬᠦᠰᠡᠵᠦ ᠪᠠᠶᠢᠨ᠎ᠠ︾ ᠭᠡᠵᠦ ᠡᠪᠯᠡᠯ ᠤᠨ | ᠬᠤᠷᠢᠶᠠᠨ ᠤ ᠪᠥᠸᠧ ᠺᠧ ᠵᠢᠶᠧ ᠰᠤᠷᠪᠤᠯᠵᠢᠯᠠᠭᠴᠢ ᠳᠤ ᠬᠡᠯᠡᠵᠡᠢ᠃ | | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ |