ᠠᠮᠠᠷᠠᠯᠲᠠ ᠶᠢᠨ ᠬᠤᠭᠤᠴᠠᠭᠠᠨ ᠳᠠᠬᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠰᠠᠭᠤᠷᠢᠨ ᠭᠠᠵᠠᠷ ᠢ ᠨᠡᠭᠡᠭᠡᠨ ᠬᠦᠭᠵᠢᠭᠦᠯᠪᠡᠯ ᠵᠤᠬᠢᠨ᠎ᠠ
ᠨᠡᠶᠢᠲᠡᠯᠡᠭᠰᠡᠨ ᠴᠠᠭ᠄
2024/7/29
      ᠵᠤᠨ ᠤ ᠠᠮᠠᠷᠠᠯᠲᠠ ᠬᠦᠷᠴᠦ ᠢᠷᠡᠬᠦ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠤᠬᠡᠳ ᠨᠢ ᠨᠤᠲᠤᠭ ᠠᠴᠠ ᠪᠠᠨ ᠵᠧᠵᠢᠶᠠᠩ ᠤᠨ ᠬᠠᠩᠵᠸᠤ ᠳᠤ ᠢᠷᠡᠵᠦ ᠠᠪᠤ ᠡᠵᠢ ᠲᠠᠢ ᠪᠠᠨ ᠵᠤᠯᠭᠠᠯᠴᠠᠪᠠ ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠤᠨ ᠠᠮᠤᠷ ᠲᠦᠪᠰᠢᠨ᠂ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ  ᠪᠠᠨ ᠦᠩᠭᠡᠷᠡᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠰᠠᠨᠠᠭ᠎ᠠ ᠠᠮᠤᠷ ᠠᠵᠢᠯᠯᠠᠭᠤᠯᠬᠤ ᠶᠢᠨ ᠲᠥᠯᠥᠭᠡ᠂ ᠬᠠᠩᠵᠧᠦ ᠬᠤᠲᠠ ᠶᠢᠨ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠮᠠᠷᠠᠯᠲᠠ ᠶᠢᠨ ᠬᠤᠭᠤᠴᠠᠭᠠᠨ ᠳᠠᠬᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠰᠠᠭᠤᠷᠢᠨ ᠭᠠᠵᠠᠷ ᠢ ᠨᠡᠭᠡᠭᠡᠪᠡ᠃      ᠵᠣᠬᠢᠶᠠᠭᠴᠢ ᠶᠢᠨ ᠦᠵᠡᠬᠦ ᠪᠠᠷ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠭᠢᠯᠡᠭᠰᠡᠨ ᠡᠨᠡ ᠬᠦ ᠠᠵᠢᠯᠯᠠᠭ᠎ᠠ ᠨᠢ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠂ ᠡᠨᠡ ᠪᠣᠯ ᠨᠢᠭᠡᠨ ᠬᠠᠯᠠᠭᠤᠨ ᠳᠤᠯᠠᠭᠠᠨ ᠬᠠᠷᠠᠭᠠᠯᠵᠠᠯ ᠮᠥᠨ᠃      ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠲᠠᠯ᠎ᠠ ᠪᠠᠷ᠂ ᠠᠮᠠᠷᠠᠯᠲᠠ ᠶᠢᠨ ᠬᠤᠭᠤᠴᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠰᠠᠭᠤᠷᠢᠨ ᠭᠠᠵᠠᠷ ᠨᠢ ᠰᠤᠷᠤᠯᠴᠠᠬᠤ᠂ ᠰᠣᠯᠢᠯᠴᠠᠬᠤ ᠪᠠ ᠵᠤᠭ᠎ᠠ ᠴᠡᠩᠭᠡᠯ ᠤᠨ ᠲᠠᠪᠴᠠᠩ ᠬᠠᠩᠭᠠᠭᠰᠠᠨ ᠪᠠᠶᠢᠨ᠎ᠠ᠃ ᠲᠡᠳᠡ ᠰᠢᠨ᠎ᠡ ᠨᠠᠶᠢᠵᠠ ᠲᠠᠢ ᠲᠠᠨᠢᠯᠴᠠᠵᠤ᠂ ᠰᠢᠨ᠎ᠡ ᠮᠡᠳᠡᠯᠭᠡ ᠰᠤᠷᠤᠯᠴᠠᠵᠤ᠂ ᠰᠢᠨ᠎ᠡ ᠬᠡᠷᠡᠭ ᠪᠣᠳᠠᠰ ᠢ ᠪᠡᠶᠡᠴᠢᠯᠡᠨ ᠣᠶᠢᠯᠠᠭᠠᠵᠤ᠂ ᠠᠪᠤ ᠡᠵᠢ ᠶᠢᠨ ᠢᠶᠠᠨ ᠠᠵᠢᠯ ᠤᠨ ᠣᠷᠴᠢᠨ ᠲᠣᠭᠤᠷᠢᠨ ᠢ ᠨᠡᠩ ᠭᠦᠨᠵᠡᠭᠡᠢ ᠤᠶᠢᠯᠠᠭᠠᠬᠤ ᠳᠤ ᠲᠤᠰᠠᠳᠠᠢ᠃ ᠡᠭᠦᠨ ᠤ ᠬᠠᠮᠲᠤ᠂ ᠪᠠᠶᠠᠯᠢᠭ ᠰᠠᠶᠢᠬᠠᠨ ᠬᠥᠳᠡᠯᠭᠡᠭᠡᠨ ᠪᠠ ᠬᠢᠴᠢᠶᠡᠯ ᠨᠢ ᠴᠦ ᠲᠡᠳᠡᠨ ᠤ ᠬᠠᠷᠠᠭ᠎ᠠ ᠶᠢ ᠥᠷᠭᠡᠳᠬᠡᠵᠦ᠂ ᠲᠡᠳᠡᠨ ᠤ ᠳᠣᠲᠣᠭᠠᠳᠤ ᠰᠡᠳᠬᠢᠯ ᠢ ᠪᠠᠶᠠᠯᠢᠭᠵᠢᠭᠤᠯᠤᠨ᠂ ᠡᠨᠡ ᠬᠦ ᠠᠮᠠᠷᠠᠯᠲᠠ ᠶᠢᠨ ᠬᠤᠭᠤᠴᠠᠭ᠎ᠠ ᠶᠢ ᠲᠡᠭᠦᠯᠳᠡᠷ ᠰᠠᠶᠢᠬᠠᠨ ᠪᠥᠭᠡᠳ ᠤᠳᠬ᠎ᠠ ᠠᠭᠤᠯᠭ᠎ᠠ ᠲᠠᠢ ᠦᠩᠭᠡᠷᠭᠡᠬᠦ ᠪᠤᠯᠭᠠᠵᠠᠢ᠃      ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠳᠤ ᠠᠪᠴᠤ ᠬᠡᠯᠡᠪᠡᠯ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠰᠠᠭᠤᠷᠢᠨ ᠭᠠᠵᠠᠷ ᠤᠨ ᠠᠵᠢᠯᠯᠠᠭ᠎ᠠ ᠪᠣᠯ ᠨᠢᠭᠡᠨ ︽ᠴᠠᠭ ᠤᠨ ᠬᠤᠷ᠎ᠠ︾ ᠪᠣᠯᠬᠤ ᠨᠢ ᠳᠠᠮᠵᠢᠭ ᠦᠭᠡᠢ ᠶᠤᠮ᠃ ᠲᠡᠳᠡ ᠡᠩ ᠤᠨ ᠴᠠᠭ ᠲᠤ ᠬᠤᠲᠠ ᠶᠢᠨ ᠠᠷᠢᠭᠤᠨ ᠴᠡᠪᠡᠷ ᠪᠠ ᠭᠤᠸ᠎ᠠ ᠰᠠᠶᠢᠬᠠᠨ ᠤ ᠲᠥᠯᠥᠭᠡ ᠦᠭᠡ ᠳᠠᠭᠤᠨ ᠦᠭᠡᠢ ᠬᠤᠪᠢ ᠨᠡᠮᠡᠷᠢ ᠪᠠᠨ ᠦᠵᠡᠭᠦᠯᠵᠦ᠂ ᠠᠵᠢᠯ ᠤᠨ ᠶᠠᠭᠠᠷᠠᠤ ᠠᠴᠠ ᠪᠤᠯᠵᠦ ᠦᠷ᠎ᠡ ᠬᠡᠤᠬᠡᠳ ᠤᠨ ᠰᠤᠷᠭᠠᠨ ᠬᠥᠮᠦᠵᠢᠯ ᠪᠠ ᠬᠠᠨᠢ ᠨᠦᠬᠦᠷ ᠢᠶᠠᠨ ᠬᠠᠷᠠᠭᠠᠯᠵᠠᠬᠤ ᠬᠦᠴᠦ ᠬᠦᠷᠦᠯᠴᠡᠬᠦ ᠦᠭᠡᠢ ᠶᠤᠮ᠂ ᠠᠮᠠᠷᠠᠯᠲᠠ ᠶᠢᠨ ᠬᠤᠭᠤᠴᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠰᠠᠭᠤᠷᠢᠨ ᠭᠠᠵᠠᠷ ᠢ ᠨᠡᠭᠡᠭᠡᠨ ᠡᠷᠬᠢᠯᠡᠭᠰᠡᠨ ᠨᠢ ᠲᠡᠳᠡᠨ ᠳᠤ ᠦᠷ᠎ᠡ ᠬᠡᠤᠬᠡᠳ ᠢᠶᠠᠨ ᠠᠰᠠᠷᠠᠨ ᠬᠠᠷᠠᠭᠠᠯᠵᠠᠬᠤ ᠬᠦᠨᠳᠦ ᠡᠭᠦᠷᠭᠡ ᠶᠢ ᠪᠡᠶᠡᠯᠡᠭᠦᠯᠬᠦ ᠲᠤᠬᠢᠶᠠᠯ ᠤᠯᠭᠤᠵᠠᠢ᠃ ᠡᠶᠢᠮᠦᠷᠬᠦ ᠬᠠᠶᠢᠷ᠎ᠠ ᠬᠠᠯᠠᠮᠵᠢ ᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠥᠳᠡᠯᠮᠦᠷᠢ ᠶᠢᠨ ᠦᠷᠳᠡᠭ ᠢ ᠤᠶᠢᠯᠠᠭᠠᠬᠤ ᠪᠠ ᠬᠦᠨᠳᠦᠳᠬᠡᠬᠦ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠲᠡᠳᠡᠨ ᠳᠤ ᠬᠤᠲᠠ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠲᠡᠳᠡᠨ ᠤ ᠠᠵᠢᠯ ᠮᠡᠷᠭᠡᠵᠢᠯ ᠤᠨ ᠣᠮᠣᠭᠰᠢᠯ ᠪᠠ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃      ᠬᠤᠲᠠ ᠶᠢᠨ ᠬᠠᠮᠢᠶᠠᠷᠤᠯᠲᠠ ᠶᠢᠨ ᠲᠠᠯ᠎ᠠ ᠠᠴᠠ ᠠᠪᠴᠤ ᠦᠵᠡᠪᠡᠯ᠂ ᠠᠮᠠᠷᠠᠯᠲᠠ ᠶᠢᠨ ᠬᠤᠭᠤᠴᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠰᠠᠭᠤᠷᠢᠨ ᠭᠠᠵᠠᠷ ᠢ ᠪᠠᠶᠢᠭᠤᠯᠬᠤ ᠠᠵᠢᠯᠯᠠᠭ᠎ᠠ ᠪᠣᠯ ᠪᠠᠰᠠ ᠴᠤ ᠬᠤᠲᠠ ᠶᠢᠨ ᠪᠣᠯᠪᠠᠰᠤᠨ ᠪᠠ ᠰᠣᠶᠣᠯ ᠢᠷᠭᠡᠨᠰᠢᠯ ᠤᠨ ᠬᠠᠯᠠᠮᠵᠢᠯᠠᠯ ᠤᠨ ᠠᠮᠢᠳᠤᠯᠢᠭ ᠢᠯᠡᠷᠡᠯ ᠮᠥᠨ᠃ ᠬᠤᠲᠠ ᠶᠢᠨ ᠬᠥᠭᠵᠢᠯᠲᠡ ᠨᠢ ᠬᠥᠳᠡᠯᠮᠦᠷᠢᠴᠢᠨ ᠨᠢᠭᠡᠪᠦᠷᠢ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠨᠢ ᠬᠤᠲᠠ ᠶᠢᠨ ︽ᠵᠢᠰᠦ ᠭᠤᠶᠣᠯᠠᠭᠴᠢ︾ ᠪᠣᠯᠤᠭᠰᠠᠨ ᠤ ᠬᠤᠪᠢ ᠳᠤ᠂ ᠲᠡᠳᠡᠨ ᠤ ᠬᠤᠪᠢ ᠨᠡᠮᠡᠷᠢ ᠶᠢ ᠣᠮᠲᠣᠭᠠᠶᠢᠯᠠᠵᠤ ᠪᠣᠯᠤᠰᠢ ᠦᠭᠡᠢ ᠶᠤᠮ᠃ ᠡᠶᠢᠮᠦᠷᠬᠦᠦ ᠠᠵᠢᠯᠯᠠᠭ᠎ᠠ ᠶᠢ ᠥᠷᠨᠢᠭᠦᠯᠦᠭᠰᠡᠨ ᠨᠢ ᠬᠥᠳᠡᠯᠮᠦᠷᠢᠴᠢᠨ ᠵᠢᠴᠢ ᠲᠡᠳᠡᠨ ᠤ ᠭᠡᠷ ᠪᠦᠯᠢ ᠶᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠳᠠᠮᠵᠢᠭᠤᠯᠵᠤ᠂ ᠬᠤᠲᠠ ᠶᠢᠨ ᠳᠤᠯᠠᠭᠠᠴᠠ ᠪᠠ ᠪᠠᠭᠲᠠᠭᠠᠮᠵᠢ ᠶᠢᠨ ᠬᠡᠮᠵᠢᠶ᠎ᠡ ᠶᠢ ᠢᠯᠡᠷᠡᠭᠦᠯᠵᠦ᠂ ᠨᠠᠩ ᠣᠯᠠᠨ ᠬᠥᠮᠦᠨ ᠢ ᠲᠠᠲᠠᠵᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠤᠲᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠳᠡᠭᠡᠭᠰᠢᠯᠡᠭᠦᠯᠵᠦ᠂ ᠬᠤᠲᠠ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠵᠤ ᠴᠢᠳᠠᠨ᠎ᠠ᠃      ᠶᠡᠷᠦᠩᠬᠡᠢ ᠳᠤᠨᠢ᠂ ᠬᠠᠩᠵᠧᠦ ᠬᠤᠲᠠ ᠶᠢᠨ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠡᠭᠡᠭᠡᠨ ᠡᠷᠬᠢᠯᠡᠭᠰᠡᠨ ᠠᠮᠠᠷᠠᠯᠲᠠ ᠶᠢᠨ ᠬᠤᠭᠤᠴᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠢ ᠬᠦᠮᠦᠵᠢᠭᠦᠯᠬᠦ ᠰᠠᠭᠤᠷᠢᠨ ᠭᠠᠵᠠᠷ ᠪᠣᠯ ᠨᠢᠭᠡ ᠬᠤᠪᠢ ᠦᠨᠡᠨ ᠪᠣᠳᠠᠲᠠᠢ ᠬᠠᠶᠢᠷ᠎ᠠ ᠬᠠᠯᠠᠮᠵᠢ᠂ ᠨᠢᠭᠡ ᠵᠦᠢᠯ ᠤᠨ ᠬᠥᠮᠦᠨ ᠰᠣᠶᠣᠯ ᠤᠨ ᠵᠣᠷᠢᠭ ᠰᠠᠨᠠᠭᠠᠨ ᠤ ᠲᠠᠮᠵᠢᠭᠤᠯᠭ᠎ᠠ ᠮᠥᠨ᠂ ᠨᠡᠩ ᠴᠦ ᠬᠤᠲᠠ ᠶᠢᠨ ᠶᠡᠭᠡ ᠬᠠᠶᠢᠷ᠎ᠠ ᠶᠢᠨ ᠢᠯᠡᠷᠡᠯ ᠮᠥᠨ᠃ ᠡᠶᠢᠮᠦᠷᠬᠦ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠨᠢ ᠨᠡᠩ ᠤᠯᠠᠨ ᠬᠤᠳᠠ ᠳᠤ ᠦᠨᠳᠦᠰᠦᠯᠡᠭᠳᠡᠵᠦ᠂ ᠬᠤᠳᠠ ᠶᠢᠨ ᠬᠥᠭᠵᠢᠯᠲᠡ ᠳᠤ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ ᠪᠠᠶᠢᠭ᠎ᠠ ᠬᠥᠳᠡᠯᠮᠦᠷᠢᠴᠢᠨ ᠨᠢᠭᠡᠪᠦᠷᠢ ᠳᠤ ᠴᠥᠮ ᠬᠦᠨᠳᠦᠳᠬᠡᠯ ᠪᠠ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠠᠮᠠᠷᠠᠯᠲᠠ ᠶᠢᠨ ᠬᠤᠭᠤᠴᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠦᠷ᠎ᠡ ᠬᠡᠦᠬᠡᠳ ᠨᠢᠭᠡᠪᠦᠷᠢ ᠶᠢ ᠴᠥᠮ ᠨᠡᠷᠡᠨ ᠤ ᠭᠡᠷᠡᠯ ᠤᠨ ᠳᠣᠣᠷ᠎ᠠ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠭᠤᠯᠬᠤ ᠶᠢ ᠬᠦᠰᠡᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1