ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ | ᠠᠷᠠᠳ ᠤᠨ ᠠᠮᠢᠳᠤᠷᠠᠯ ᠤᠨ ᠵᠠᠷᠤᠯᠭ᠎ᠠ ᠪᠣᠯ ᠢᠮᠠᠭᠲᠠ ᠡᠳ᠋ ᠤᠨ ᠵᠠᠰᠠᠭ ᠤᠨ ᠠᠵᠢᠯ ᠤᠨ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠮᠥᠨ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠴᠠᠯᠢᠩ ᠢ | ᠪᠠᠲᠤᠯᠠᠬᠤ᠂ ᠡᠷᠭᠢᠯᠲᠡ ᠶᠢ ᠪᠠᠲᠤᠯᠠᠬᠤ ᠵᠡᠷᠭᠡ ᠵᠠᠶᠢᠯᠠᠰᠢ ᠦᠭᠡᠢ ᠵᠠᠷᠤᠯᠭ᠎ᠠ ᠶᠢᠨ ᠰᠠᠭᠤᠷᠢᠨ ᠳᠡᠭᠡᠷ᠎ᠡ᠂ ᠵᠠᠷᠤᠯᠭ᠎ᠠ ᠶᠢᠨ | ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠳ᠋ ᠤᠨ ᠬᠦᠴᠦᠨ ᠢᠶᠠᠨ ᠠᠷᠠᠳ ᠤᠯᠠᠨ ᠤ ᠲᠤᠰ | ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠬᠤ ᠠᠷᠠᠳ ᠤᠨ ᠠᠮᠢᠳᠤᠷᠠᠯ ᠤᠨ ᠬᠦᠷᠢᠶ᠎ᠡ ᠲᠡᠰᠢ | ᠲᠥᠪᠯᠡᠷᠡᠭᠦᠯᠦᠨ ᠬᠡᠯᠪᠡᠶᠢᠯᠭᠡᠪᠡ᠃ | 2024 ᠣᠨ ᠤ 1 ︱ 6 ᠳ᠋ᠤᠭᠠᠷ ᠰᠠᠷ᠎ᠠ ᠳᠤ᠂ ᠪᠥᠬᠦ ᠰᠢᠶᠠᠨ ᠤ ᠠᠷᠠᠳ ᠤᠨ ᠠᠮᠢᠳᠤᠷᠠᠯ ᠤᠨ | ᠵᠠᠷᠤᠯᠭ᠎ᠠ ᠶᠢ ᠨᠡᠶᠢᠲᠡ 67003 ᠲᠦᠮᠡᠨ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ | ᠵᠠᠷᠤᠯᠭ᠎ᠠ ᠶᠢᠨ 59% ᠶᠢ ᠡᠵᠡᠯᠡᠪᠡ᠃ ᠡᠭᠦᠨ ᠳᠤ᠄ ᠰᠤᠷᠭᠠᠨ ᠬᠥᠮᠦᠵᠢᠯ ᠤᠨ ᠵᠠᠷᠤᠯᠭ᠎ᠠ 16501 ᠲᠦᠮᠡᠨ | ᠲᠥᠭᠦᠷᠢᠭ︔ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 1375 ᠲᠦᠮᠡᠨ | ᠲᠥᠭᠦᠷᠢᠭ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 21804 ᠲᠦᠮᠡᠨ ᠲᠥᠭᠦᠷᠢᠭ︔ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 7450 ᠲᠦᠮᠡᠨ ᠲᠥᠭᠦᠷᠢᠭ︔ ᠡᠨᠧᠷᠭᠢ ᠠᠷᠪᠢᠯᠠᠵᠤ ᠣᠷᠴᠢᠨ | ᠠᠬᠤᠢ ᠶᠢ ᠬᠠᠮᠠᠭᠠᠯᠠᠬᠤ ᠵᠠᠷᠤᠯᠭ᠎ᠠ 415 ᠲᠦᠮᠡᠨ ᠲᠥᠭᠦᠷᠢᠭ︔ ᠲᠠᠷᠢᠶᠠᠯᠠᠩ ᠣᠶ ᠰᠢᠭᠤᠢ ᠤᠰᠤᠨ ᠤ | ᠶᠠᠪᠤᠳᠠᠯ ᠤᠨ ᠵᠠᠷᠤᠯᠭ᠎ᠠ 14637 ᠲᠦᠮᠡᠨ ᠲᠥᠭᠦᠷᠢᠭ︔ ᠵᠠᠮ ᠲᠡᠭᠡᠭᠡᠪᠦᠷᠢ ᠶᠢᠨ ᠵᠠᠷᠤᠯᠭ᠎ᠠ 1643 ᠲᠦᠮᠡᠨ | ᠲᠥᠭᠦᠷᠢᠭ︔ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 3178 ᠲᠦᠮᠡᠨ ᠲᠥᠭᠦᠷᠢᠭ ᠪᠣᠯᠣᠨ᠎ᠠ᠃ | |