2024 ᠣᠨ ᠤ 1-6 ᠳ᠋ᠤᠭᠠᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ ᠦᠢᠯᠡᠰ ᠪᠠ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠪᠣᠷᠣᠯᠠᠭᠤᠯᠤᠨ ᠡᠵᠡᠩᠨᠡᠭᠰᠡᠨ ᠪᠠᠶᠢᠳᠠᠯ
ᠨᠡᠶᠢᠲᠡᠯᠡᠭᠰᠡᠨ ᠴᠠᠭ᠄
2024/7/3
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ      2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠤ ᠨᠢᠭᠡᠳᠦᠯᠲᠡᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠨᠡᠶᠢᠲᠡ 27 ᠡᠷᠦᠬᠡ ᠪᠠᠶᠢᠵᠤ᠂ 1-6 ᠳ᠋ᠤᠭᠠᠷ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠡᠶᠢᠲᠡ 391553.6 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 201.2% ᠢᠶᠠᠷ ᠨᠡᠮᠡᠭᠳᠡᠪᠡ︔ 6 ᠳ᠋ᠤᠭᠠᠷ ᠰᠠᠷ᠎ᠠ ᠳᠤ ᠲᠣᠰ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ 77452.2 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ‌‍ᠦᠨ ᠠᠳᠠᠯᠢ ᠬᠤᠭᠤᠴᠠᠭᠠᠨ ᠤ ᠬᠢ ᠠᠴᠠ 461.8%  ᠪᠠᠷ ᠨᠡᠮᠡᠭᠳᠡᠵᠡᠢ᠃ ᠡᠭᠦᠨ ᠤ ᠳᠣᠲᠣᠷ᠎ᠠ᠄      1.ᠬᠡᠪᠴᠢᠶᠡᠵᠢᠯ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠨᠡᠶᠢᠲᠡ 23 ᠡᠷᠦᠬᠡ ᠪᠠᠶᠢᠨ᠎ᠠ᠄ 1-6 ᠳ᠋ᠤᠭᠠᠷ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠡᠶᠢᠲᠡ  381410.6 ᠲᠦᠮᠡᠨ ᠲᠥᠭᠦᠷᠢᠭ ᠬᠦᠷᠴᠦ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 218.8% ᠪᠠᠷ ᠨᠡᠮᠡᠭᠳᠡᠪᠡ︔ 6 ᠳ᠋ᠤᠭᠠᠷ ᠰᠠᠷ᠎ᠠ ᠳᠤ ᠲᠣᠰ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ 75865.7 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 512.4%  ᠪᠠᠷ ᠨᠡᠮᠡᠭᠳᠡᠪᠡ︔      2. ᠬᠡᠪᠴᠢᠶᠡᠵᠢᠯ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ ᠨᠡᠶᠢᠲᠡ 4 ᠡᠷᠦᠬᠡ ᠪᠠᠶᠢᠨ᠎ᠠ᠄ 1-6 ᠳ᠋ᠤᠭᠠᠷ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠡᠶᠢᠲᠡ 10143 ᠲᠦᠮᠡᠨ ᠲᠥᠭᠦᠷᠢᠭ  ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.0% ᠢᠶᠠᠷ ᠪᠠᠭᠤᠷᠠᠪᠠ︔ 6 ᠳ᠋ᠤᠭᠠᠷ ᠰᠠᠷ᠎ᠠ ᠳᠤ ᠲᠣᠰ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ 1586.5 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠪᠡ︔      2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠤ ᠨᠢᠭᠡᠳᠦᠯᠲᠡᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠬᠤ ᠪᠠ ᠢᠳᠡᠭᠡᠨ ᠤᠮᠳᠠᠭᠠᠨ ᠤ ᠠᠵᠤ ᠠᠬᠤᠶᠢᠯᠠᠯ ︵ᠲᠣᠮᠣ ᠬᠤᠪᠢ ᠶᠢᠨ ᠢᠳᠡᠭᠡᠨ ᠤᠮᠳᠠᠭᠠᠨ ᠤ ᠦᠢᠯᠡᠰ ᠪᠠᠭᠲᠠᠨ᠎ᠠ︶  ᠨᠡᠶᠢᠲᠡ 11 ᠡᠷᠦᠬᠡ ᠪᠣᠶ᠃ ᠡᠭᠦᠨ ᠤ ᠳᠣᠲᠣᠷ᠎ᠠ᠄      1. ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠠᠤᠯᠢ ᠶᠢᠨ ᠡᠷᠬᠡᠲᠡᠨ ᠤ ᠬᠤᠭᠤᠯᠠ ᠤᠮᠳᠠ ᠶᠢᠨ ᠠᠵᠤ ᠠᠬᠤᠶᠢᠯᠠᠯ 4 ᠡᠷᠦᠬᠡ᠃ 1-6 ᠳ᠋ᠤᠭᠠᠷ ᠰᠠᠷ᠎ᠠ ᠶᠢᠨ ᠡᠵᠡᠩᠨᠡᠯᠲᠡ ᠶᠢᠨ ᠨᠣᠷᠮ᠎ᠠ ᠨᠡᠶᠢᠲᠡ 884 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.4% ᠪᠠᠷ ᠪᠠᠭᠤᠷᠠᠪᠠ︔ 6 ᠳ᠋ᠤᠭᠠᠷ ᠰᠠᠷ᠎ᠠ ᠳᠤ ᠲᠣᠰ ᠰᠠᠷ᠎ᠠ ᠶᠢᠨ ᠡᠵᠡᠩᠨᠡᠯᠲᠡ ᠶᠢᠨ ᠨᠣᠷᠮ᠎ᠠ 102 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 73% ᠪᠠᠷ ᠪᠠᠭᠤᠷᠠᠪᠠ︔      2. ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠪᠢ ᠶᠢᠨ ᠬᠤᠭᠤᠯᠠ ᠤᠮᠳᠠ ᠶᠢᠨ ᠲᠣᠮᠣ ᠠᠵᠤ ᠠᠬᠤᠶᠢᠯᠠᠯ 7 ᠡᠷᠦᠬᠡ ᠶᠢ ᠪᠠᠭᠲᠠᠭᠠᠨ᠎ᠠ᠃ 1-6 ᠳ᠋ᠤᠭᠠᠷ ᠰᠠᠷ᠎ᠠ ᠶᠢᠨ ᠡᠵᠡᠩᠨᠡᠯᠲᠡ ᠶᠢᠨ ᠲᠤᠭ᠎ᠠ ᠨᠡᠶᠢᠲᠡ 1188.9 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 347% ᠪᠠᠷ ᠨᠡᠮᠡᠭᠳᠡᠪᠡ︔ 6 ᠳ᠋ᠤᠭᠠᠷ ᠰᠠᠷ᠎ᠠ ᠳᠤ ᠲᠣᠰ ᠰᠠᠷ᠎ᠠ ᠶᠢᠨ ᠡᠵᠡᠩᠨᠡᠯᠲᠡ ᠶᠢᠨ ᠨᠣᠷᠮ᠎ᠠ 164 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 85.8% ᠪᠠᠷ ᠨᠡᠮᠡᠭᠳᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1