ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠨᠢ ᠴᠢᠨᠠᠷ ᠰᠠᠶᠢᠲᠠᠶ ᠠᠮᠢᠳᠤᠷᠠᠯ ᠤᠨ ᠣᠷᠣᠨ ᠪᠦᠰᠡ ᠶᠢ ᠴᠤᠭᠴᠠᠯᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/7/3
      ᠣᠳᠣᠬᠠᠨ ᠳᠤ᠂ ᠮᠠᠨ ᠤ ᠤᠯᠤᠰ ᠤᠨ ᠬᠤᠲᠠ ᠶᠢᠨ ᠪᠥᠲᠥᠭᠡᠨ ᠪᠠᠶᠢᠭᠤᠯᠤᠯᠲᠠ ᠨᠢᠭᠡᠨᠲᠡ ᠶᠡᠭᠡ ᠬᠡᠪᠴᠢᠶ᠎ᠡ ᠶᠢᠨ ᠨᠡᠮᠡᠭᠳᠡᠯ ᠤᠨ ᠬᠡᠮᠵᠢᠶ᠎ᠡ ᠪᠠᠷ ᠪᠥᠲᠥᠭᠡᠨ ᠪᠠᠶᠢᠭᠤᠯᠬᠤ ᠠᠴᠠ ᠦᠯᠡᠳᠡᠭᠳᠡᠯ ᠤᠷᠤᠨ ᠪᠦᠰᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠰᠠᠶᠢᠵᠢᠷᠠᠭᠤᠯᠬᠤ ᠪᠠ ᠨᠡᠮᠡᠭᠳᠡᠯ ᠤᠨ ᠪᠦᠲᠦᠴᠡ ᠶᠢ ᠳᠣᠭᠢᠷᠠᠭᠤᠯᠬᠤ ᠵᠡᠷᠭᠡ ᠶᠢ ᠴᠢᠬᠤᠯᠠᠴᠢᠯᠠᠬᠤ ᠪᠣᠯᠵᠣ᠂ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠰᠢ ᠰᠢᠯᠵᠢᠵᠦ᠂ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠤᠷᠤᠵᠠᠢ᠂ ᠬᠢᠵᠠᠭᠠᠷ ᠲᠠᠢ ᠭᠠᠵᠠᠷ ᠰᠢᠷᠣᠶ ᠶᠢ ᠬᠡᠷᠬᠢᠨ ᠠᠰᠢᠭᠯᠠᠨ ᠴᠢᠨᠠᠷ ᠰᠠᠶᠢᠲᠠᠶ ᠠᠮᠢᠳᠤᠷᠠᠯ ᠤᠨ ᠣᠷᠣᠨ ᠪᠦᠰᠡ ᠶᠢ ᠴᠤᠭᠴᠠᠯᠠᠬᠤ ᠪᠣᠯ ᠨᠢᠭᠡᠨ ᠬᠦᠴᠢᠷ ᠠᠰᠠᠭᠤᠳᠠᠯ ᠪᠤᠯᠵᠠᠢ᠃ ᠪᠢᠴᠢᠯ ᠴᠡᠴᠡᠷᠯᠢᠭ ᠪᠤᠢ ᠪᠣᠯᠤᠭᠰᠠᠨ ᠠᠴᠠ ᠠᠰᠠᠭᠤᠳᠠᠯ ᠳᠤ ᠡᠷᠭᠢᠯᠲᠡ ᠭᠠᠷᠪᠠ᠃ ᠬᠤᠪᠴᠠᠰᠤᠨ ᠤ ᠬᠠᠷᠮᠠᠨ ᠠᠳᠠᠯᠢ  ᠪᠢᠴᠢᠬᠠᠨ ᠪᠢᠴᠢᠯ ᠴᠡᠴᠡᠷᠯᠢᠭ ᠨᠢ ᠵᠢᠵᠢᠭ ᠮᠦᠷᠳᠡᠭᠡᠨ ᠮᠠᠰᠢ ᠳᠥᠭᠦᠮ ᠳᠥᠲᠡ ᠪᠠᠶᠢᠵᠤ᠂ ᠣᠯᠠᠨ ᠨᠡᠶᠢᠲᠡ ᠳᠤ ᠬᠠᠨᠳᠤᠭᠤᠯᠤᠨ ᠴᠢᠯᠥᠭᠡᠲᠡᠶ ᠨᠡᠭᠡᠭᠡᠭᠰᠡᠨ᠂ ᠬᠡᠪᠴᠢᠶ᠎ᠡ ᠪᠠᠷ ᠨᠡᠯᠢᠶᠡᠳ ᠪᠠᠭ᠎ᠠ᠂ ᠬᠡᠯᠪᠡᠷᠢ ᠮᠠᠶ᠋ᠢᠭ ᠨᠢ ᠣᠯᠠᠨ ᠶᠠᠩᠵᠤ ᠲᠠᠢ᠂ ᠵᠤᠭᠠᠴᠠᠨ ᠠᠮᠠᠷᠠᠬᠤ ᠳᠤ ᠲᠤᠬᠢᠷᠠᠮᠵᠢᠳᠠᠢ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠨᠢ ᠶᠡᠷᠦ ᠳᠡᠭᠡᠨ 400 - 10000 ᠲᠡᠭᠰᠢ ᠳᠥᠷᠪᠡᠯᠵᠢᠨ ᠮᠧᠲᠷ ᠤᠨ ᠬᠤᠭᠤᠷᠣᠨᠳᠣ ᠪᠠᠶᠢᠵᠤ᠂ ᠭᠠᠵᠠᠷ ᠰᠤᠩᠭᠤᠬᠤ ᠨᠢ ᠠᠮᠢᠳᠤᠯᠢᠭ᠂ ᠲᠥᠬᠦᠮ ᠪᠥᠭᠡᠳ ᠬᠡᠷᠡᠭᠴᠡᠭᠡ ᠲᠠᠢ᠂ ᠣᠷᠴᠢᠨ ᠲᠣᠭᠤᠷᠢᠨ ᠨᠢ ᠨᠥᠬᠦᠷᠰᠡᠭ ᠵᠡᠷᠭᠡ ᠣᠨᠴᠠᠯᠢᠭ ᠲᠠᠢ᠂ ᠰᠡᠯᠡᠭᠦᠴᠡᠨ ᠵᠤᠭᠠᠴᠠᠬᠤ᠂ ᠬᠡᠦᠬᠡᠳ ᠤᠨ ᠲᠣᠭᠯᠠᠭᠠᠮ᠂ ᠪᠡᠶ᠎ᠡ ᠴᠢᠭᠢᠷᠠᠭᠵᠢᠭᠤᠯᠬᠤ᠂ ᠰᠣᠶᠣᠯ ᠤᠨ ᠳᠡᠯᠭᠡᠨ ᠦᠵᠡᠭᠦᠯᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ ᠴᠢᠳᠠᠮᠵᠢ ᠲᠠᠢ᠃ ᠪᠢᠴᠢᠯ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠬᠤᠲᠠ ᠶᠢᠨ ᠪᠣᠬᠢᠷᠲᠤᠯ ᠥᠬᠡᠶ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠵᠤᠬᠢᠶᠠᠨ ᠪᠠᠶᠢᠭᠤᠯᠤᠨ ︽ᠪᠢᠴᠢᠯ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠪᠢᠴᠢᠯ ᠴᠡᠴᠡᠷᠯᠢᠭ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃      ᠠᠷᠠᠳ ᠤᠨ ᠬᠤᠳᠠ ᠶᠢ ᠠᠷᠠᠳ ᠲᠦᠮᠡᠨ ᠪᠠᠶᠢᠭᠤᠯᠵᠤ᠂ ᠠᠷᠠᠳ ᠤᠨ ᠬᠤᠳᠠ ᠨᠢ ᠠᠷᠠᠳ ᠲᠦᠮᠡᠨ ᠤ ᠲᠦᠯᠦᠭᠡ᠃ ︽ᠵᠦᠭᠯᠡᠭᠦᠷ︾ ᠨᠢ ︽ᠠᠷᠠᠳ ᠤᠨ ᠬᠤᠲᠠ︾ ᠶᠢᠨ ᠴᠢᠬᠤᠯᠠ ᠣᠨᠣᠯᠵᠢᠬᠤᠨ ᠢ ᠪᠥᠬᠦ ᠲᠠᠯ᠎ᠠ ᠪᠠᠷ ᠦᠢᠯᠡᠳᠦᠯᠭᠡᠵᠢᠭᠦᠯᠵᠦ᠂ ᠪᠢᠴᠢᠯ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠵᠢᠷᠤᠮᠯᠠᠬᠤ ᠴᠢᠬᠤᠯᠠᠲᠠᠶ ᠲᠠᠪᠤᠨ ᠶᠡᠭᠡ ᠵᠠᠷᠴᠢᠮ ᠢ ᠲᠣᠳᠣᠷᠬᠠᠶᠢᠯᠠᠪᠠ᠃ ᠨᠢᠭᠡ ᠳᠤ᠂ ᠶᠡᠭᠡ ᠪᠠᠶᠢᠵᠦ ᠪᠤᠯᠤᠨ᠎ᠠ ᠪᠠᠭ᠎ᠠ ᠪᠠᠶᠢᠵᠤ ᠴᠦ ᠪᠣᠯᠬᠤ ᠪᠥᠭᠡᠳ ᠭᠠᠵᠠᠷ ᠣᠷᠣᠨ ᠤ ᠪᠤᠳᠠᠳᠠᠢ ᠪᠠᠶᠢᠳᠠᠯ ᠳᠠᠭᠠᠨ ᠲᠣᠬᠢᠷᠠᠭᠤᠯᠤᠨ᠎ᠠ᠃ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠲᠣᠭᠲᠠᠭᠠᠯ ᠠᠴᠠ ᠵᠦᠷᠴᠢᠭᠰᠡᠨ ᠪᠠᠷᠢᠯᠭ᠎ᠠ ᠶᠢ ᠨᠤᠷᠠᠭᠠᠵᠦ ᠨᠣᠭᠤᠭᠠᠷᠠᠭᠤᠯᠬᠤ᠂ ᠵᠠᠪᠰᠠᠷ ᠵᠠᠭᠠᠭ ᠪᠠᠷ ᠨᠢ ᠨᠣᠭᠤᠭᠠᠷᠠᠭᠤᠯᠬᠤ ᠵᠡᠷᠭᠡ ᠪᠠᠷ ᠪᠢᠴᠢᠯ ᠴᠡᠴᠡᠷᠯᠢᠭ ᠢ ᠪᠦᠲᠦᠭᠡᠨ ᠪᠠᠶᠢᠭᠤᠯᠤᠨ᠎ᠠ᠃ ᠤᠤᠯ ᠭᠠᠵᠠᠷ ᠤᠨ ᠪᠠᠶᠢᠴᠠ ᠪᠣᠯᠤᠨ ᠤᠷᠭᠤᠮᠠᠯ ᠤᠨ ᠬᠤᠴᠢᠯᠭ᠎ᠠ ᠶᠢ ᠭᠦᠢᠴᠡᠳ ᠬᠠᠮᠠᠭᠠᠯᠠᠬᠤ ᠪᠠ ᠠᠰᠢᠭᠯᠠᠵᠤ᠂ ᠭᠠᠵᠠᠷ ᠣᠷᠣᠨ ᠤ ᠰᠣᠶᠣᠯ ᠤᠨ ᠪᠤᠳᠠᠳᠤ ᠣᠨᠴᠠᠯᠢᠭ ᠢ ᠳᠣᠪᠤᠶᠢᠯᠭᠠᠨ᠂ ︽ᠨᠢᠭᠡ ᠴᠡᠴᠡᠷᠯᠢᠭ ᠨᠢᠭᠡ  ᠦᠢᠯᠡᠳᠭᠦᠨ︾ ᠤ ᠦᠵᠡᠮᠵᠢ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠬᠤᠶᠠᠷ ᠲᠤ᠂ ᠪᠦᠬᠦ ᠶᠠᠪᠤᠴᠠ ᠳᠠᠭᠠᠨ ᠡᠶ᠎ᠡ ᠨᠠᠶᠢᠷᠠᠮᠳᠠᠭᠤ᠂ ᠠᠷᠠᠳ ᠲᠤ ᠲᠦᠬᠦᠮ ᠦᠵᠡᠭᠦᠯᠵᠦ ᠠᠷᠠᠳ ᠢ ᠳᠣᠲᠣᠨᠣᠴᠢᠯᠠᠨ᠎ᠠ᠃ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠭᠡᠨ ᠤ ᠷᠠᠳᠢᠦᠰ ᠤᠨ ᠪᠦᠷᠬᠦᠴᠡ ᠬᠦᠷᠦᠯᠴᠡᠬᠦ ᠦᠭᠡᠢ ᠣᠷᠣᠨ ᠪᠦᠰᠡ ᠶᠢ ᠭᠤᠤᠯᠳᠠᠯᠭ᠎ᠠ ᠲᠠᠢ ᠰᠣᠩᠭᠤᠵᠤ᠂  ᠨᠠᠰᠤᠳᠠᠶᠢᠴᠤᠳ ᠪᠠ ᠬᠡᠤᠬᠡᠳ ᠤᠨ ᠰᠡᠯᠡᠭᠦᠴᠡᠯ ᠳᠤ ᠵᠤᠬᠢᠴᠠᠬᠤ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠦᠳᠡᠯᠭᠡᠭᠡᠨ ᠤ ᠲᠠᠯᠠᠪᠤᠷ ᠭᠠᠵᠠᠷ ᠢ ᠨᠡᠮᠡᠭᠳᠡᠭᠦᠯᠵᠦ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠣᠯᠠᠨ ᠡᠰᠢᠲᠦ ᠬᠦᠳᠡᠯᠭᠡᠭᠡᠨ ᠤ ᠲᠠᠯᠠᠪᠤᠷ ᠭᠠᠵᠠᠷ ᠢ ᠪᠣᠶ ᠪᠣᠯᠭᠠᠨ᠎ᠠ᠃ ᠭᠤᠷᠪᠠ ᠳᠤ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠮᠤᠷ ᠲᠦᠪᠰᠢᠨ ᠲᠠᠭᠠᠯᠠᠮᠵᠢᠲᠠᠶ ᠪᠤᠯᠭᠠᠨ᠎ᠠ᠃ ᠭᠠᠵᠠᠷ ᠰᠣᠩᠭᠤᠬᠤ ᠪᠠ ᠪᠦᠲᠦᠭᠡᠨ ᠪᠠᠶᠢᠭᠤᠯᠬᠤ ᠳᠤ ᠠᠯᠢ ᠪᠣᠯᠬᠤᠶᠢᠴᠠ ᠡᠯ᠎ᠡ ᠲᠥᠷᠥᠯ ᠤᠨ ᠳᠠᠯᠳᠠ ᠲᠦᠭᠰᠢᠭᠦᠷᠢ ᠶᠢᠨ ᠬᠦᠴᠦᠨ ᠵᠦᠢᠯ ᠠᠴᠠ ᠵᠠᠯᠠᠰᠬᠢᠵᠦ᠂ ᠰᠢᠨᠵᠢᠯᠡᠬᠦ ᠤᠬᠠᠭᠠᠨᠴᠢ ᠪᠠᠷ ᠴᠢᠳᠠᠮᠵᠢ ᠶᠢᠨ ᠪᠠᠶᠢᠷᠢᠰᠢᠭᠤᠯᠤᠯᠲᠠ ᠬᠢᠵᠦ᠂ ᠴᠡᠴᠡᠷᠯᠢᠭ ᠲᠠᠬᠢ ᠡᠯ᠎ᠡ ᠲᠥᠷᠥᠯ ᠤᠨ ᠰᠡᠯᠡᠭᠦᠴᠡᠯ ᠤᠨ ᠬᠦᠳᠡᠯᠭᠡᠭᠡᠨ ᠤ ᠣᠶᠢᠷ᠎ᠠ ᠬᠠᠪᠢ ᠶᠢᠨ ᠰᠠᠭᠤᠭᠠᠯᠢ ᠠᠷᠠᠳ ᠢ ᠨᠦᠯᠦᠭᠡᠯᠡᠬᠦ ᠶᠢ ᠪᠦᠲᠦᠮᠵᠢᠲᠡᠶ ᠰᠢᠢᠳᠪᠦᠷᠢᠯᠡᠨ᠎ᠡ᠃ ᠲᠦᠷᠪᠡ ᠳᠤ᠂ ᠬᠡᠷᠡᠭᠴᠡᠭᠡ ᠪᠠᠷ ᠬᠠᠩᠭᠠᠯᠭ᠎ᠠ ᠶᠢ ᠲᠣᠭᠲᠠᠭᠠᠵᠤ᠂ ᠠᠷᠪᠢᠯᠠᠨ ᠭᠠᠮᠨᠠᠵᠤ ᠪᠣᠳᠠᠲᠠᠢ ᠶᠢ ᠡᠷᠬᠢᠮᠯᠡᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠴᠡᠴᠡᠷᠯᠢᠭ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠪᠡᠯᠡᠳᠬᠡᠮᠵᠢ ᠶᠢ ᠵᠦᠶ ᠵᠣᠬᠢᠰᠲᠠᠶ ᠳᠣᠭᠢᠷᠠᠭᠤᠯᠤᠨ᠂ ᠨᠤᠲᠤᠭ ᠤᠨ ᠤᠷᠭᠤᠮᠠᠯ ᠢ ᠤᠷᠢᠳᠠᠪᠠᠷ ᠬᠡᠷᠡᠭᠯᠡᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ ᠲᠦᠭᠦᠭᠡᠷᠦᠮᠵᠢ᠂ ᠦᠨᠳᠦᠷ ᠮᠡᠷᠭᠡᠵᠢᠯ ᠪᠠ ᠤᠷᠠᠯᠠᠯ ᠬᠡᠷᠡᠭᠯᠡᠬᠦ ᠶᠢ ᠰᠠᠨᠠᠭᠠᠴᠢᠯᠠᠨ᠎ᠠ᠃ ᠲᠠᠪᠤ ᠳᠤ᠂ ᠣᠯᠠᠨ ᠡᠰᠢᠲᠦ ᠰᠣᠯᠢᠯᠴᠠᠭ᠎ᠠ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠎ᠡ᠃ ︽ᠵᠠᠰᠠᠭ ᠤᠨ ᠣᠷᠳᠣᠨ ᠬᠥᠲᠥᠯᠦᠨ ᠵᠢᠯᠣᠭᠤᠳᠴᠤ᠂ ᠨᠡᠶᠢᠭᠡᠮ ᠨᠡᠶᠢᠳᠡ ᠪᠠᠷ ᠣᠷᠣᠯᠴᠠᠭᠰᠠᠨ︾ ᠣᠯᠠᠨ ᠡᠰᠢᠲᠦ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠴᠡᠴᠡᠷᠯᠢᠭ ᠤᠨ ᠭᠠᠵᠠᠷ ᠰᠣᠩᠭᠤᠬᠤ᠂ ᠵᠢᠷᠤᠵᠤ ᠲᠥᠯᠥᠪᠯᠡᠬᠦ᠂ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠳᠤ ᠣᠷᠣᠯᠴᠠᠭᠤᠯᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃        ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠳᠠ ᠳᠤ ᠪᠠᠶᠢᠭᠠᠯᠢ ᠶᠢᠨ ᠦᠵᠡᠮᠵᠢ ᠂ ᠲᠡᠦᠬᠡ ᠰᠣᠶᠣᠯ ᠪᠠ ᠤᠷᠠᠯᠢᠭ ᠤᠨ ᠭᠤᠸ᠎ᠠ ᠰᠠᠶᠢᠬᠠᠨ ᠤ ᠳᠡᠰ ᠲᠠᠪᠰᠢᠯᠳᠡ ᠳᠤ ᠠᠩᠬᠠᠷᠤᠯ ᠢᠶᠠᠨ ᠬᠠᠨᠳᠤᠭᠤᠯᠤᠨ᠎ᠠ᠃ ᠭᠠᠵᠠᠷ ᠰᠣᠩᠭᠤᠬᠤ ᠪᠠᠶᠢᠷᠢᠰᠢᠭᠤᠯᠤᠯᠲᠠ ᠶᠢᠨ ᠲᠠᠯ᠎ᠠ ᠪᠠᠷ᠂ ︽ᠵᠦᠭᠯᠡᠭᠦᠷ︾ ᠲᠤ ᠦᠢᠯᠡᠴᠢᠯᠡᠭᠡᠨ ᠤ ᠪᠠᠯᠠᠶ ᠣᠷᠣᠨ ᠢ ᠨᠥᠬᠦᠪᠥᠷᠢᠯᠡᠬᠦ᠂ ᠬᠤᠲᠠ ᠶᠢᠨ ᠰᠢᠨᠡᠴᠢᠯᠡᠯᠲᠡ ᠶᠢᠨ ᠪᠠᠶᠢᠷᠢᠯᠠᠭᠤᠯᠤᠯᠲᠠ ᠪᠠ ᠲᠡᠦᠬᠡ ᠰᠣᠶᠣᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠭᠤᠴᠢᠨ ᠬᠤᠲᠠ ᠶᠢᠨ ᠲᠣᠭᠤᠷᠢᠭ ᠤᠨ ᠳᠣᠲᠣᠷᠠᠬᠢ ᠥᠨᠴᠥᠭ ᠪᠤᠯᠤᠩ᠂ ᠰᠤᠯᠠ ᠭᠠᠵᠠᠷ ᠰᠢᠷᠣᠶ ᠵᠢᠴᠢ ᠠᠰᠢᠭᠯᠠᠵᠤ ᠪᠣᠯᠬᠤ ᠪᠤᠰᠤᠳ ᠣᠷᠣᠨ ᠪᠦᠰᠡ ᠳᠤ ᠪᠢᠴᠢᠯ ᠴᠡᠴᠡᠷᠯᠢᠭ ᠲᠦᠯᠦᠪᠵᠢᠭᠦᠯᠦᠨ ᠪᠠᠶᠢᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠭᠡᠨ ᠤ ᠷᠠᠳᠢᠦ᠋ᠰ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠨᠢᠭᠡᠨᠲᠡ ᠪᠠᠶᠢᠭ᠎ᠠ ᠣᠯᠠᠨ ᠨᠡᠶᠢᠲᠡ ᠶᠢᠨ ᠣᠷᠣᠨ ᠪᠦᠰᠡ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ︔ ᠰᠢᠨ᠎ᠡ ᠬᠤᠲᠠ ᠲᠣᠭᠤᠷᠢᠭ ᠨᠢ ᠵᠦᠯᠭᠡ ᠭᠠᠵᠠᠷ ᠤᠨ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠲᠠᠢ ᠤᠶᠠᠯᠳᠤᠭᠤᠯᠤᠨ᠂ ︽300 ᠮᠧᠲᠷ ᠢ  ᠨᠤᠭᠤᠭᠠᠷᠠᠭᠤᠯᠤᠯᠳᠠ ᠲᠠᠢ᠂ 500 ᠮᠧᠲᠷ ᠲᠤ ᠴᠡᠴᠡᠷᠯᠢᠭ ᠲᠠᠢ︾ ᠬᠠᠷᠠᠯᠲᠠ ᠪᠠᠷ ᠪᠢᠴᠢᠯ ᠴᠡᠴᠡᠷᠯᠢᠭ ᠢ ᠨᠡᠮᠡᠵᠦ ᠳᠣᠭᠢᠷᠠᠭᠤᠯᠤᠨ᠂ ᠪᠠᠶᠢᠷᠢᠰᠢᠯ ᠨᠢ ᠲᠡᠩᠴᠡᠭᠦᠷᠢᠲᠡᠶ᠂ ᠢᠵᠢ ᠪᠥᠷᠢᠳᠦᠭᠰᠡᠨ ᠵᠦᠶ ᠵᠣᠬᠢᠰᠲᠠᠶ ᠬᠤᠲᠠ ᠶᠢᠨ ᠴᠡᠴᠡᠷᠯᠢᠭ ᠤᠨ ᠰᠢᠰᠲ᠋ᠧᠮᠵᠢ ᠶᠢ ᠪᠠᠶᠢᠭᠤᠯᠤᠨ᠎ᠠ᠃ ᠵᠢᠷᠤᠭ ᠲᠥᠯᠥᠪᠯᠡᠭᠡ ᠶᠢᠨ ᠲᠠᠯ᠎ᠠ ᠪᠠᠷ᠂ ︽ᠵᠦᠭᠯᠡᠭᠦᠷ︾ ᠳᠤ ᠡᠷᠬᠢᠨ ᠲᠣᠭᠤᠷᠢᠨ ᠤ ᠬᠥᠮᠦᠰ ᠤᠨ ᠬᠡᠷᠡᠭᠯᠡᠬᠦ ᠬᠡᠷᠡᠭᠴᠡᠭᠡ ᠶᠢ ᠬᠠᠩᠭᠠᠬᠤ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠴᠡᠴᠡᠷᠯᠢᠭ ᠤᠨ ᠣᠷᠴᠢᠨ ᠲᠣᠭᠤᠷᠢᠨ ᠢ  ᠰᠠᠶᠢᠵᠢᠷᠠᠭᠤᠯᠬᠤ᠂ ᠲᠥᠬᠦᠮ ᠪᠥᠭᠡᠳ ᠵᠦᠶ ᠵᠣᠬᠢᠰᠲᠠᠶ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠴᠢᠬᠤᠯᠠᠴᠢᠯᠠᠬᠤ᠂ ᠠᠮᠤᠷ ᠲᠦᠪᠰᠢᠨ ᠲᠠᠭᠠᠯᠠᠮᠵᠢᠲᠠᠶ ᠣᠷᠴᠢᠨ ᠲᠣᠭᠤᠷᠢᠨ ᠤ ᠠᠭᠤᠷ ᠠᠮᠢᠰᠬᠤᠯ ᠢ ᠪᠠᠲᠤᠯᠠᠬᠤ ᠪᠠ ᠲᠣᠰ ᠪᠦᠷᠢ ᠶᠢᠨ ᠣᠨᠴᠠᠯᠢᠭ ᠲᠠᠢ ᠲᠠᠯᠠᠪᠤᠷ ᠭᠠᠵᠠᠷ ᠤᠨ ᠭᠤᠤᠯ ᠤᠨᠴᠠᠯᠢᠭ ᠢ ᠢᠯᠡᠷᠡᠭᠦᠯᠬᠦ ᠲᠠᠪᠤᠨ ᠶᠡᠭᠡ ᠱᠠᠭᠠᠷᠳᠠᠯᠭ᠎ᠠ ᠶᠢ ᠳᠤᠷᠠᠳᠬᠤ ᠶᠢᠨ ᠬᠠᠮᠲᠤ ᠪᠢᠴᠢᠯ ᠴᠡᠴᠡᠷᠯᠢᠭ ᠤᠨ ᠠᠵᠢᠯᠯᠠᠭᠠᠨ ᠤ ᠲᠠᠯᠠᠪᠤᠷ᠂ ᠵᠠᠮ ᠤᠨ ᠴᠢᠮᠡᠭᠯᠡᠯ᠂ ᠨᠤᠭᠤᠭᠠᠷᠠᠭᠤᠯᠤᠯᠳᠠ᠂ ᠦᠵᠡᠮᠵᠢ ᠂ ᠰᠣᠶᠣᠯ ᠤᠨ ᠦᠵᠡᠭᠦᠯᠦᠯᠭᠡ ᠪᠠ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠶᠢᠨ ᠵᠢᠷᠤᠭ ᠲᠥᠯᠥᠪᠯᠡᠭᠡ ᠶᠢᠨ ᠨᠠᠷᠢᠨ ᠲᠦᠷᠢᠮ ᠢ ᠲᠣᠳᠣᠷᠬᠠᠶ ᠲᠣᠭᠲᠠᠭᠠᠪᠠ ᠃ ᠬᠠᠮᠢᠶᠠᠷᠤᠯᠲᠠ ᠬᠠᠮᠠᠭᠠᠯᠠᠯᠲᠠ ᠶᠢᠨ ᠲᠠᠯ᠎ᠠ ᠪᠠᠷ᠂ ︽ᠵᠦᠭᠯᠡᠭᠦᠷ︾ ᠲᠤ ︽ᠭᠤᠷᠪᠠᠨ ᠬᠤᠪᠢ ᠶᠢᠨ ᠪᠦᠳᠦᠭᠡᠨ ᠪᠠᠶᠢᠭᠤᠯᠤᠯᠲᠠ᠂ ᠲᠤᠯᠤᠭᠠᠨ ᠬᠤᠪᠢ ᠶᠢᠨ ᠬᠠᠮᠢᠶᠠᠷᠤᠯᠳᠠ ᠠᠷᠠᠴᠢᠯᠠᠯᠳᠠ︾ ᠶᠢᠨ ᠵᠠᠷᠴᠢᠮ ᠢ ᠪᠠᠷᠢᠮᠲᠠᠯᠠᠵᠤ᠂ ᠴᠡᠴᠡᠷᠯᠢᠭ ᠤᠨ ᠲᠦᠷᠰᠦ ᠪᠠᠶᠢᠳᠠᠯ ᠤᠷᠴᠢᠨ ᠲᠤᠭᠤᠷᠢᠨ ᠤ  ᠠᠷᠢᠭᠤᠨ ᠴᠡᠪᠡᠷ᠂  ᠨᠤᠭᠤᠭᠠᠷᠠᠭᠤᠯᠤᠯᠳᠠ ᠠᠷᠠᠴᠢᠯᠠᠯᠳᠠ ᠬᠠᠮᠠᠭᠠᠯᠠᠯᠳᠠ᠂ ᠲᠦᠭᠦᠭᠡᠷᠦᠮᠵᠢ ᠶᠢᠨ ᠬᠠᠮᠢᠶᠠᠷᠤᠯᠲᠠ ᠪᠠ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠳᠤ ᠪᠢᠴᠢᠯ ᠴᠡᠴᠡᠷᠯᠢᠭ ᠤᠨ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃      ᠬᠡᠰᠡᠭ ᠪᠤᠰᠠᠭ ᠣᠷᠣᠨ ᠪᠦᠰᠡ ᠶᠢ ᠬᠤᠯᠪᠤᠭᠠᠯᠠᠨ ᠨᠡᠪᠳᠡᠷᠡᠭᠦᠯᠦᠭᠰᠡᠨ᠂ ᠣᠯᠠᠨ ᠶᠠᠩᠵᠤ ᠶᠢᠨ ᠬᠡᠷᠡᠭᠯᠡᠬᠦ ᠴᠢᠳᠠᠪᠤᠷᠢ ᠲᠠᠢ ᠨᠡᠢᠯᠡᠮᠡᠯ ᠬᠡᠯᠪᠡᠷᠢ ᠶᠢᠨ ᠨᠡᠭᠡᠭᠡᠯᠲᠡᠲᠦ ᠣᠷᠣᠨ ᠪᠦᠰᠡ ᠪᠣᠯᠤᠭᠰᠠᠨ ᠤ ᠬᠤᠪᠢ ᠳᠤ᠂ ᠪᠢᠴᠢᠯ ᠴᠡᠴᠡᠷᠯᠢᠭ ᠨᠢ ᠰᠠᠭᠤᠭᠠᠯᠢ ᠠᠷᠠᠳ ᠲᠤ ᠭᠡᠷ ᠤᠨ ᠡᠭᠦᠳᠡᠨ ᠳᠡᠭᠡᠨ ᠡᠬᠡ ᠪᠠᠶᠢᠭᠠᠯᠢ ᠶᠢᠨ ᠠᠷᠢᠭᠤᠨ ᠡᠨᠧᠷᠬᠢ ᠶᠢ ᠡᠳ᠋ᠯᠡᠭᠦᠯᠬᠦ ᠪᠤᠯᠭᠠᠵᠠᠢ᠃ ᠪᠢᠴᠢᠯ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠢ ᠬᠤᠲᠠ ᠶᠢᠨ ᠪᠣᠬᠢᠷᠳᠤᠯ ᠦᠭᠡᠢ ᠣᠯᠠᠨ ᠨᠡᠶᠢᠲᠡ ᠶᠢᠨ ᠣᠷᠣᠨ ᠪᠦᠰᠡ ᠶᠢ ᠥᠷᠭᠡᠳᠬᠡᠬᠦ᠂ ᠦᠯᠡᠳᠡᠭᠳᠡᠯ ᠣᠷᠣᠨ ᠪᠦᠰᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠰᠡᠯᠡᠭᠦᠴᠡᠨ ᠵᠤᠭᠠᠴᠠᠵᠤ ᠠᠮᠠᠷᠠᠬᠤ ᠬᠡᠷᠡᠭᠴᠡᠭᠡ ᠶᠢ ᠬᠠᠩᠭᠠᠬᠤ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠲᠡᠭᠦᠯᠳᠡᠷᠵᠢᠭᠦᠯᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠴᠢᠯ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠪᠣᠯ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠳᠡᠭᠡᠳᠦ ᠬᠡᠮᠵᠢᠶ᠎ᠡ ᠪᠠᠷ ᠨᠡᠶᠢᠴᠡᠬᠦ ᠬᠤᠲᠠ ᠶᠢᠨ ᠣᠷᠣᠨ ᠪᠦᠰᠡ ᠶᠢᠨ ᠰᠦᠪᠡᠭᠴᠢᠯᠡᠯᠲᠡ ᠮᠥᠨ᠂ ᠠᠷᠠᠳ ᠤᠨ ᠬᠡᠷᠡᠭᠴᠡᠭᠡ ᠠᠴᠠ ᠡᠭᠦᠰᠴᠦ᠂ ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠤᠷᠤᠨ ᠪᠦᠰᠡ ᠶᠢᠨ ᠵᠣᠷᠢᠭ ᠰᠠᠨᠠᠭ᠎ᠠ ᠶᠢ ᠱᠤᠭᠤᠵᠤ᠂ ᠠᠮᠢᠳᠤᠷᠠᠯ ᠤᠨ ᠰᠢᠨ᠎ᠡ ᠬᠡᠪ ᠰᠤᠷᠲᠠᠯ ᠢ ᠰᠠᠨᠠᠭᠠᠴᠢᠯᠠᠨ᠂ ᠵᠢᠷᠤᠭ ᠲᠥᠯᠥᠪᠯᠡᠭᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠵᠡᠮᠵᠢ ᠶᠢ ᠠᠮᠢᠳᠤᠷᠠᠯ ᠲᠠᠢ ᠠᠭᠤᠰᠬᠠᠨ᠂ ᠣᠳᠣᠨ ᠮᠡᠴᠢᠳ ᠰᠢᠭ ᠪᠢᠴᠢᠯ ᠴᠡᠴᠡᠷᠯᠢᠭ ᠢ ᠬᠤᠲᠠ ᠶᠢᠨ ᠡᠳᠦᠷ ᠲᠤᠲᠤᠮ ᠤᠨ ᠠᠮᠢᠳᠤᠷᠠᠯ ᠲᠠᠢ ᠨᠡᠪᠲᠡᠷᠡᠭᠦᠯᠵᠦ᠂ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠮᠡᠳᠦ ᠬᠥᠷᠥᠰᠥ ᠶᠢ ᠵᠤᠵᠠᠭᠠᠳᠬᠠᠵᠤ᠂ ᠬᠤᠲᠠ ᠶᠢᠨ ᠴᠢᠨᠠᠷ ᠰᠠᠶᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠣᠨ ᠪᠦᠰᠡ ᠶᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1