ᠲᠣᠭᠲᠠᠬᠤ ᠰᠢᠶᠠᠨ᠄ ᠰᠣᠶᠣᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ ︽ᠤᠮᠠᠷᠠᠲᠤ ᠬᠢᠯᠢ ᠶᠢᠨ ᠰᠣᠶᠣᠯ︾ ᠤᠨ  ᠫᠠᠶᠢᠰᠠ ᠶᠢ ᠰᠡᠬᠦᠪᠡ
ᠨᠡᠶᠢᠲᠡᠯᠡᠭᠰᠡᠨ ᠴᠠᠭ᠄
2024/7/31
      ᠡᠨᠡ ᠵᠢᠯ 69 ᠨᠠᠰᠤᠲᠠᠶ ᠯᠦ ᠬᠤᠩ ᠰᠢᠶᠠ ᠪᠣᠯ ᠲᠣᠭᠲᠠᠬᠤ ᠰᠢᠶᠠᠨ ᠤ ᠯᠢ ᠮᠢᠨ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ᠪᠥᠭᠡᠳ ᠲᠡᠷᠡ ᠪᠠᠰᠠ ᠨᠢᠭᠡᠨ ᠤᠳᠬ᠎ᠠ ᠤᠷᠠᠯᠢᠭ ᠤᠨ ᠳᠤᠷ᠎ᠠ ᠪᠠᠭ᠋ᠠᠷᠳᠠᠨ ᠶᠤᠮ᠂ ᠤᠮᠠᠷᠠᠲᠤ ᠬᠢᠯᠢ ᠶᠢᠨ ᠰᠣᠶᠣᠯ ᠤᠨ ᠣᠷᠳᠣ ᠬᠤᠩᠭᠢᠯ ᠤᠨ ᠶᠦᠨ ᠵᠥᠩ ᠰᠢ ᠵᠦᠴᠦᠭᠡ ᠶᠢᠨ ᠬᠦᠷᠢᠶᠡᠯᠡᠩ ᠳᠤ ᠲᠣᠭᠯᠠᠯᠲᠠ ᠭᠠᠷᠭᠠᠬᠤ ᠦᠶ᠎ᠡ ᠳᠤ᠂ ᠲᠡᠷᠡ ᠥᠪᠡᠷ ᠤᠨ ᠬᠡᠳᠦᠨ ︽ᠡᠭᠡᠴᠢ ᠥᠬᠢᠨ ᠳᠡᠭᠦᠦ︾ ᠲᠠᠢ ᠬᠠᠮᠲᠤ ᠰᠣᠨᠢᠷᠬᠠᠳᠠᠭ ᠪᠠᠶᠢᠪᠠ᠃ ᠠᠳᠠᠯᠢᠬᠠᠨ ᠤᠶᠢᠷ᠎ᠠ ᠬᠠᠪᠢ ᠳᠤ ᠰᠠᠭᠤᠭ᠎ᠠ ᠯᠢᠦ ᠶᠤᠸᠠᠢ ᠶᠢᠩ ᠡᠨᠡ ᠵᠢᠯ 71 ᠨᠠᠰᠤᠲᠠᠢ᠂ ᠤᠮᠠᠷᠠᠲᠤ ᠬᠢᠯᠢ ᠶᠢᠨ ᠰᠣᠶᠣᠯ ᠤᠨ ᠤᠷᠲᠤ ᠬᠤᠩᠭᠢᠯ ᠳᠤ ᠣᠴᠢᠵᠤ ᠲᠣᠭᠯᠠᠯᠲᠠ ᠦᠵᠡᠬᠦ  ᠨᠢ ᠨᠢᠭᠡᠨᠲᠡ ᠲᠡᠭᠦᠨ ᠤ ︽ᠡᠭᠡᠴᠢ ᠥᠬᠢᠨ ᠳᠡᠭᠦᠦ︾ ᠯᠦᠭᠡ ᠬᠠᠶᠢᠷ᠎ᠠ ᠰᠡᠳᠭᠢᠯᠭᠡ ᠲᠠᠢ ᠬᠠᠷᠢᠯᠴᠠᠵᠤ᠂ ᠵᠤᠭ᠎ᠠ ᠴᠡᠩᠭᠡᠯ ᠤᠨ ︽ᠭᠡᠷ ᠤᠨ ᠡᠩ ᠤᠨ ᠬᠤᠭᠤᠯᠠ︾ ᠪᠣᠯᠵᠠᠢ᠃ ᠪᠢᠴᠢᠬᠠᠨ ᠰᠢᠶᠠᠨ ᠤ ᠬᠤᠲᠠ ᠶᠢᠨ ᠰᠢᠨ᠎ᠡ ᠪᠠᠷ ᠪᠠᠶᠢᠭᠤᠯᠤᠭᠳᠠᠭᠰᠠᠨ ᠡᠨᠡ ᠬᠦ ︽ᠶᠡᠭᠡ ᠬᠦᠷᠢᠶ᠎ᠡ︾ ᠶᠢ ᠶᠠᠷᠢᠬᠤ ᠳᠤ ᠡᠭᠡᠯ ᠠᠷᠠᠳ ᠤᠳ ᠴᠥᠮ ᠮᠠᠭᠲᠠᠨ ᠰᠠᠶᠢᠰᠢᠶᠠᠪᠠ᠃
     ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠰᠢᠶᠠᠨ ᠤ ᠬᠡᠪᠴᠢᠶᠡᠨ ᠳᠠᠬᠢ ᠲᠡᠤᠬᠡ ᠰᠣᠶᠣᠯ ᠤᠨ ᠣᠨᠴᠠᠯᠢᠭ ᠢ ᠭᠦᠨᠵᠡᠭᠡᠶ ᠠᠭᠤᠳᠠᠯᠵᠤ᠂ ᠲᠣᠰ ᠭᠠᠵᠠᠷ ᠤᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠮᠢᠩᠭᠠᠨ ᠣᠨ ᠤ ᠡᠷᠲᠡᠨ ᠤ ᠶᠦᠨ ᠵᠦᠩ ᠲᠡᠤᠬᠡ ᠰᠣᠶᠣᠯ ᠪᠠ ᠬᠠᠲᠤᠨ ᠭᠤᠤᠯ ᠤᠨ ᠰᠣᠶᠣᠯ ᠢᠶᠠᠷ ᠭᠠᠷᠳᠠᠴᠠ ᠪᠣᠯᠭᠠᠵᠤ᠂ ᠲᠤᠭᠳᠠᠬᠤ ᠰᠢᠶᠠᠨ ᠤ ᠲᠡᠤᠬᠡ ᠶᠢᠨ ᠬᠤᠪᠢᠷᠠᠯᠲᠠ ᠶᠢᠨ ᠠᠭᠤᠯᠭ᠎ᠠ ᠪᠠᠷ ᠠᠴᠢᠶᠠᠯᠠᠪᠤᠷᠢ ᠪᠣᠯᠭᠠᠨ᠂ ᠤᠷᠠᠯᠢᠭ ᠰᠣᠶᠣᠯ ᠵᠡᠷᠭᠡ ᠬᠡᠯᠪᠡᠷᠢ ᠪᠠᠷ ᠠᠷᠭ᠎ᠠ ᠪᠠᠷᠢᠯ ᠪᠣᠯᠭᠠᠵᠤ᠂ 2023 ᠣᠨ ᠠᠴᠠ ᠡᠬᠢᠯᠡᠨ ᠤᠮᠠᠷᠠᠲᠤ ᠬᠢᠯᠢ ᠶᠢᠨ ᠰᠣᠶᠣᠯ ᠤᠨ ᠣᠷᠳᠣ ᠬᠤᠩᠭᠢᠯ ᠤᠨ ᠲᠥᠷᠥᠯ ᠵᠦᠢᠯ ᠢ ᠲᠥᠯᠥᠪᠵᠢᠭᠦᠯᠦᠨ ᠥᠭᠡᠷᠡᠴᠢᠯᠡᠨ ᠪᠠᠶᠢᠭᠤᠯᠪᠠ᠃
     ᠤᠮᠠᠷᠠᠲᠤ ᠬᠢᠯᠢ ᠶᠢᠨ ᠰᠣᠶᠣᠯ ᠤᠨ ᠤᠷᠲᠤ ᠬᠤᠩᠭᠢᠯ ᠨᠢ 600 ᠭᠠᠷᠤᠶ ᠵᠢᠯ ᠤᠨ ᠲᠡᠤᠬᠡ ᠲᠠᠢ ᠳ᠋ᠦᠩᠱᠧᠩ ᠸᠧᠶ ᠬᠤᠳᠠ ᠶᠢᠨ ᠬᠡᠷᠡᠮ ᠤᠨ ᠳᠣᠣᠷ᠎ᠠ᠂ ᠵᠡᠭᠦᠨᠰᠢ ᠪᠠᠷᠠᠭᠤᠨᠰᠢ ᠪᠠᠷᠤᠭ 2 ᠺᠢᠯᠤᠮᠧᠲᠷ᠂ ᠶᠡᠷᠦᠩᠬᠡᠶ ᠲᠠᠯᠠᠪᠠᠶ ᠨᠢ ᠪᠠᠷᠤᠭ 60 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠣᠳᠣᠬᠠᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠡᠷᠦᠩᠬᠡᠢ ᠦᠵᠡᠭᠦᠯᠦᠯᠭᠡ ᠶᠢᠨ ᠣᠷᠳᠣᠨ᠂ ᠬᠠᠳᠤᠨ ᠭᠤᠣᠯ ᠤᠨ ᠤᠷᠠᠨ ᠵᠢᠷᠤᠭ ᠤᠨ ᠣᠷᠳᠣᠨ ᠪᠣᠯᠤᠨ ᠶᠦᠨ ᠵᠦᠩ ᠰᠢ ᠵᠦᠴᠦᠭᠡ ᠶᠢᠨ ᠬᠦᠷᠢᠶᠡᠯᠡᠩ ᠵᠡᠷᠭᠡ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠪᠠ᠃ ᠤᠮᠠᠷᠠᠲᠤ ᠬᠢᠯᠢ ᠶᠢᠨ ᠰᠣᠶᠣᠯ ᠤᠨ ᠤᠷᠲᠤ ᠬᠤᠩᠭᠢᠯ ᠳᠤ ᠠᠯᠬᠤᠨ ᠣᠷᠣᠬᠤ ᠳᠤ᠂ ᠲᠣᠭᠲᠠᠬᠤ ᠰᠢᠶᠠᠨ ᠥᠨᠢ ᠤᠳᠠᠭᠠᠨ ᠲᠡᠦᠬᠡ ᠶᠢᠨ ᠰᠢᠯᠦᠭ ᠤᠶᠠᠩᠭ᠎ᠠ ᠶᠢ ᠨᠢᠳᠦᠨ ᠡᠮᠦᠨ᠎ᠡ ᠨᠢᠭᠡ ᠨᠢᠭᠡ ᠪᠠᠷ ᠢᠯᠡᠷᠡᠭᠦᠯᠵᠦ᠂ ᠭᠦᠨ ᠵᠤᠵᠠᠭᠠᠨ ᠰᠣᠶᠣᠯ ᠤᠨ ᠰᠠᠭᠤᠷᠢ ᠨᠢ ᠴᠢᠬᠢᠨ ᠬᠠᠵᠠᠭᠤ ᠳᠤ ᠢᠷᠠᠭᠤ ᠰᠠᠶᠢᠬᠠᠨ ᠰᠣᠨᠣᠰᠪᠤᠷᠢᠲᠠᠢ ᠪᠠᠶᠢᠵᠤ᠂ ᠠᠳᠡᠬᠢ ᠨᠢ ᠰᠢᠶᠠᠨ ᠤ ᠬᠤᠲᠠ ᠶᠢᠨ ᠰᠢᠨ᠎ᠡ ᠪᠠᠷ ᠮᠠᠨᠳᠤᠭᠰᠠᠨ ︽ᠺᠠᠷᠲ︾ ᠪᠣᠯᠵᠤ᠂ ᠠᠷᠠᠳ ᠣᠯᠠᠨ ᠤ ᠴᠠᠢ ᠬᠤᠭᠤᠯᠠᠨ ᠤ ᠳᠠᠷᠠᠭ᠎ᠠ ᠪᠦᠷ ᠢᠷᠡᠵᠦ ᠲᠣᠭᠤᠷᠢᠬᠤ ᠳᠤᠷᠠᠲᠠᠢ ᠭᠠᠵᠠᠷ ᠪᠣᠯᠣᠯ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1