ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠨᠢᠭᠲᠠᠷᠠᠯ ᠤᠨ | ᠬᠦᠴᠦᠨ ᠢ ᠬᠥᠭᠵᠢᠭᠡᠵᠦ᠂ ᠲᠣᠭᠲᠠᠬᠤ ᠰᠢᠶᠠᠨ ᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ | ᠬᠥᠳᠡᠯᠮᠦᠷᠢᠴᠢᠳ ᠤᠨ ᠡᠪᠯᠡᠯ ᠳᠤ ᠣᠷᠣᠬᠤ ᠠᠵᠢᠯ ᠢ ᠦᠨᠡᠨᠬᠦ ᠠᠬᠢᠭᠤᠯᠵᠤ᠂ ᠰᠢᠨ᠎ᠡ ᠠᠵᠢᠯ ᠣᠯᠭᠤᠯᠲᠠ ᠶᠢᠨ | ᠬᠡᠯᠪᠡᠷᠢ ᠶᠢᠨ ᠬᠥᠳᠡᠯᠮᠦᠷᠢᠴᠢᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠠ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ | 29 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠲᠦᠷᠭᠡᠨ | ᠬᠦᠷᠭᠡᠯᠲᠡ ᠶᠢᠨ ᠠᠵᠢᠯ ᠲᠦᠷᠦᠯ ᠤᠨ ᠠᠵᠢᠯᠯᠠᠭᠰᠠᠳ ᠲᠤ ᠲᠥᠪᠯᠡᠷᠡᠭᠦᠯᠦᠨ ᠡᠪᠯᠡᠯ ᠳᠤ ᠡᠯᠰᠡᠬᠦ ᠶᠣᠰᠣᠯᠠᠯ ᠵᠢᠴᠢ ︽ | ᠵᠣᠨ ᠤ ᠠᠯᠠᠷᠢᠯ︾ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ | | | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠲᠦᠷᠭᠡᠨ ᠬᠦᠷᠭᠡᠯᠲᠡ ᠶᠢᠨ ᠠᠵᠢᠯ ᠡᠷᠭᠢᠯᠡᠭᠰᠡᠳ ᠢ | ᠵᠢᠯᠣᠭᠤᠳᠤᠨ ︽ᠤᠮᠠᠷᠠᠲᠤ ᠬᠢᠯᠢ ᠶᠢᠨ ᠠᠵᠤ ᠦᠢᠯᠡᠳᠪᠦᠷᠢ ᠳᠤ ᠠᠰᠢᠭ ᠬᠦᠷᠲᠡᠭᠡᠬᠦ︾ APP ᠶᠢ ᠪᠠᠭᠤᠯᠭᠠᠬᠤ ᠶᠢᠨ | ᠬᠠᠮᠲᠤ ᠦᠨᠡᠨ ᠨᠡᠷ᠎ᠡ ᠪᠠᠷ ᠭᠡᠷᠡᠴᠢᠯᠡᠯ ᠬᠢᠯᠭᠡᠵᠦ᠂ ᠲᠡᠳᠡᠨ ᠢ ᠬᠠᠪᠰᠤᠷᠤᠨ ᠡᠪᠯᠡᠯ ᠳᠤ ᠡᠯᠰᠡᠭᠳᠡᠬᠦ ᠶᠢᠨ ᠰᠠᠶᠢᠨ | ᠲᠠᠯ᠎ᠠ ᠶᠢ ᠲᠠᠨᠢᠯᠴᠠᠭᠤᠯᠵᠤ᠂ ᠠᠵᠢᠯᠴᠢᠨ ᠤ ᠡᠪᠯᠡᠯ ᠳᠤ ᠡᠯᠰᠡᠭᠳᠡᠬᠦ ᠡᠷᠬᠡ ᠶᠢ ᠬᠠᠮᠠᠭᠠᠯᠠᠬᠤ ᠦᠢᠯᠡᠴᠢᠯᠡᠭᠡ ᠶᠢ ᠰᠡᠳᠬᠢᠯ | ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠥᠷᠨᠢᠭᠦᠯᠵᠦ᠂ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠲᠡᠳᠡᠨ ᠢ ᠬᠠᠪᠰᠤᠷᠤᠨ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ ᠨᠢ | ᠴᠠᠭ ᠲᠤᠬᠠᠢ ᠳᠤᠨᠢ ᠰᠢᠢᠳᠪᠦᠷᠢᠯᠡᠵᠦ ᠥᠭᠬᠦ ᠦᠭᠭᠦᠪᠡ᠃ | ᠳᠠᠷᠠᠭᠠᠴᠢ ᠶᠢᠨ ᠠᠯᠬᠤᠮ ᠳᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠰᠢᠨ᠎ᠡ ᠠᠵᠢᠯ ᠣᠯᠭᠤᠯᠲᠠ ᠶᠢᠨ | ᠬᠡᠯᠪᠡᠷᠢ ᠶᠢᠨ ᠬᠥᠳᠡᠯᠮᠦᠷᠢᠴᠢᠳ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ | ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ︽ᠲᠥᠷᠬᠦᠮ ᠤᠨ ᠬᠥᠮᠦᠰ︾ ᠪᠤᠯᠵᠤ᠂ ︽ᠳᠤᠯᠠᠭᠠᠴᠠᠭᠤᠯᠬᠤ | ᠶᠠᠪᠤᠳᠠᠯ︾ ᠢ ᠪᠣᠳᠠᠲᠠᠶᠢᠵᠢᠭᠤᠯᠵᠤ᠂ ᠥᠷᠭᠡᠨ ᠤᠯᠠᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ | ᠬᠥᠳᠡᠯᠮᠦᠷᠢᠴᠢᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠬᠠᠷᠢᠶᠠᠯᠠᠭᠳᠠᠬᠤ | ᠰᠡᠳᠬᠢᠯᠭᠡ ᠶᠢ ᠦᠨᠡᠨᠬᠦ ᠳᠡᠭᠡᠭᠰᠢᠯᠡᠭᠦᠯᠵᠦ᠂ ᠲᠡᠳᠡᠨ ᠢ ᠬᠦᠳᠦᠯᠦᠨ ᠵᠢᠯᠣᠭᠤᠳᠴᠤ ᠪᠠᠶᠢᠭᠠᠳ ᠪᠣᠳᠠᠲᠤ | ᠠᠵᠢᠯᠯᠠᠭ᠎ᠠ ᠪᠠᠷ ᠢᠶᠠᠨ ︽ᠰᠢᠨ᠎ᠡ︾ ᠬᠦᠴᠦᠨ ᠴᠢᠳᠠᠯ ᠢ ᠡᠷᠭᠦᠵᠦ᠂ ︽ᠰᠢᠨ᠎ᠡ︾ ᠬᠠᠶᠢᠷ᠎ᠠ ᠬᠠᠯᠠᠮᠵᠢ ᠶᠢ | ᠳᠠᠮᠵᠢᠭᠤᠯᠵᠤ᠂ ︽ᠰᠢᠨ᠎ᠡ︾ ᠡᠭᠦᠷᠭᠡᠯᠡᠯ ᠢ ᠢᠯᠡᠷᠡᠭᠦᠯᠦᠨ᠎ᠡ ᠃ | | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ |