ᠲᠣᠭᠲᠠᠬᠤ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠦᠶᠡᠷ ᠤᠨ ᠬᠤᠭᠤᠴᠠᠭᠠᠨ ᠤ ᠭᠤᠣᠯ ᠤᠨ ᠭᠤᠯᠳᠤᠷᠢᠯ ᠤᠨ ᠦᠶᠡᠷ ᠵᠠᠯᠠᠬᠤ ᠠᠮᠤᠷ ᠲᠦᠪᠰᠢᠨ ᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/5
      ᠲᠣᠭᠲᠠᠬᠤ ᠰᠢᠶᠠᠨ ᠤ ᠥᠷᠭᠡᠨ ᠣᠯᠠᠨ ᠲᠦᠮᠡᠨ ᠵᠢᠴᠢ ᠬᠠᠮᠢᠶ᠎ᠠ ᠪᠦᠬᠦᠢ ᠨᠢᠭᠡᠴᠡ᠄    ᠣᠳᠣᠬᠠᠨ ᠳᠤ᠂ ᠮᠠᠨ ᠤ ᠰᠢᠶᠠᠨ ᠨᠢᠭᠡᠨᠲᠡ ᠭᠤᠤᠯ ᠮᠦᠷᠡᠨ ᠤ ᠦᠶᠡᠷ ᠤᠨ ᠬᠤᠭᠤᠴᠠᠭᠠᠨ ᠳᠤ ᠣᠷᠣᠵᠤ᠂ ᠪᠣᠷᠣᠭᠠᠨ ᠣᠷᠣᠬᠤ ᠤᠳᠠᠭ᠎ᠠ ᠨᠡᠮᠡᠭᠳᠡᠵᠦ᠂ ᠪᠣᠷᠣᠭᠠᠨ ᠤ ᠬᠡᠮᠵᠢᠶ᠎ᠡ ᠲᠠᠰ ᠨᠡᠮᠡᠭᠳᠡᠵᠦ᠂ ᠤᠰᠤᠨ ᠤ ᠪᠠᠶᠢᠳᠠᠯ ᠨᠠᠩ ᠪᠤᠳᠤᠯᠢᠶᠠᠨᠲᠠᠶ ᠪᠣᠯᠵᠣ ᠪᠠᠶᠢᠨ᠎ᠠ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠮᠬᠢ ᠳᠢᠭᠯᠢᠮ ᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠶ᠋ᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠥᠷᠭᠡᠨ ᠣᠯᠠᠨ ᠠᠷᠠᠳ ᠲᠦᠮᠡᠨ ᠠᠮᠤᠷ ᠲᠦᠪᠰᠢᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠶᠡᠷ ᠵᠠᠯᠠᠬᠤ ᠭᠤᠤᠯ ᠤᠨ ᠭᠤᠯᠳᠤᠷᠢᠯ ᠵᠢᠴᠢ ᠬᠤᠯᠪᠣᠭᠳᠠᠯ ᠪᠥᠬᠦᠶ ᠣᠷᠣᠨ ᠪᠦᠰᠡ ᠠᠴᠠ ᠬᠤᠯᠠ ᠵᠠᠶᠢᠳᠠᠭᠤ ᠪᠠᠶᠢᠵᠤ᠂ ᠤᠬᠠᠮᠰᠠᠷ ᠠᠴᠠ ᠪᠠᠨ ᠤᠰᠤᠨ ᠳᠤ ᠨᠠᠭᠠᠳᠬᠤ ᠥᠬᠡᠶ᠂ ᠤᠰᠤᠨ ᠠᠴᠠ ᠬᠤᠯᠠ ᠪᠠᠶᠢᠬᠤ ᠶᠢ ᠪᠡᠶᠡᠯᠡᠭᠦᠯᠵᠦ᠂ ᠲᠣᠰ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠬᠠᠮᠲᠤ᠂ ᠪᠣᠳᠠᠲᠤ ᠠᠵᠢᠯᠯᠠᠭ᠎ᠠ ᠪᠠᠷ ᠢᠶᠠᠨ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠶᠡᠭᠡ ᠲᠠᠯ᠎ᠠ ᠶᠢ ᠳᠡᠮᠵᠢᠬᠦ ᠬᠡᠷᠡᠭᠲᠡᠶ᠃    ᠬᠤᠶᠠᠷ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠪᠣᠯᠤᠨ ᠰᠤᠷᠤᠭᠴᠢᠳ ᠤᠨ ᠭᠡᠷ ᠤᠨ ᠠᠬᠠᠮᠠᠳ ᠡᠷᠬᠡᠪᠰᠢ ᠰᠤᠷᠤᠭᠴᠢ ᠪᠣᠯᠤᠨ ᠦᠷ᠎ᠡ ᠬᠡᠦᠬᠡᠳ ᠤᠨ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠪᠠ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠤᠰᠤᠨ ᠳᠤ ᠬᠤᠯᠪᠣᠭᠳᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃ ᠭᠤᠤᠯ ᠤᠨ ᠭᠤᠯᠳᠤᠷᠢᠯ᠂ ᠴᠥᠭᠦᠷᠥᠮ ᠪᠣᠯᠤᠨ ᠰᠤᠪᠠᠭ ᠵᠡᠷᠭᠡ ᠤᠰᠤ ᠬᠠᠳᠠᠭᠠᠯᠠᠬᠤ ᠣᠷᠣᠨ ᠪᠤᠶᠤ ᠦᠶᠡᠷ ᠶᠠᠪᠤᠭᠤᠯᠬᠤ ᠣᠷᠣᠨ ᠳᠤ ᠤᠰᠤ ᠨᠠᠭᠠᠳᠬᠤ᠂ ᠤᠮᠪᠠᠭ᠋ᠤ᠂ ᠶᠠᠪᠤᠬᠤ ᠶᠢ ᠴᠢᠩᠭ᠎ᠠ ᠴᠠᠭᠠᠵᠠᠯᠠᠵᠤ᠂ ᠬᠥᠮᠦᠨ ᠤ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    ᠭᠤᠷᠪᠠ᠂ ᠭᠤᠣᠯ ᠰᠤᠪᠠᠭ ᠤᠨ ᠳᠣᠲᠣᠷ᠎ᠠ ᠬᠤᠭ ᠨᠣᠪᠰᠢ ᠬᠠᠶᠠᠬᠤ᠂ ᠠᠵᠢᠯ ᠤᠨ ᠭᠡᠷ ᠪᠠᠷᠢᠬᠤ᠂ ᠪᠠᠷᠢᠯᠭ᠎ᠠ ᠶᠢᠨ ᠮᠠᠲ᠋ᠧᠷᠢᠶᠠᠯ ᠡᠳ᠋ ᠪᠤᠳᠠᠰ ᠣᠪᠣᠭᠠᠯᠠᠬᠤ᠂ ᠲᠥᠬᠦᠭᠡᠷᠦᠮᠵᠢ ᠬᠠᠳᠠᠭᠠᠯᠠᠬᠤ᠂ ᠳᠥᠭᠦᠮ ᠵᠠᠮ ᠭᠠᠷᠭᠠᠬᠤ ᠶᠢ ᠴᠠᠭᠠᠵᠠᠯᠠᠨ᠎ᠠ᠂ ᠳᠤᠷ᠎ᠠ ᠪᠠᠷ ᠢᠶᠠᠨ ᠢᠪᠴᠤᠤ ᠭᠤᠣᠯ ᠰᠤᠪᠠᠭ ᠭᠠᠷᠭᠠᠬᠤ ᠶᠢ ᠴᠠᠭᠠᠵᠠᠯᠠᠨ᠎ᠠ︔ ᠭᠤᠣᠯ ᠤᠨ ᠰᠤᠪᠠᠭ ᠤᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠶᠢ ᠴᠠᠭᠠᠵᠠᠯᠠᠨ᠎ᠠ᠃    ᠳᠥᠷᠪᠡ᠂ ᠦᠶᠡᠷ ᠤᠨ ᠬᠤᠭᠤᠴᠠᠭᠠᠨ ᠳᠤ ᠭᠤᠤᠯ ᠤᠨ ᠰᠣᠪᠠᠭ ᠳᠤ ᠵᠢᠭᠠᠰᠤ ᠭᠥᠬᠢᠳᠡᠬᠦ᠂ ᠵᠢᠭᠠᠰᠤ ᠠᠩᠨᠠᠬᠤ ᠶᠢ ᠴᠠᠭᠠᠵᠠᠯᠠᠵᠤ᠂ ᠡᠷᠭᠢ ︵ᠭᠤᠤᠯ ᠤᠨ ᠰᠠᠶᠢᠷᠭᠠᠯ ᠭᠠᠵᠠᠷ︶ ᠳᠤ ᠬᠡᠭᠡᠷ᠎ᠡ ᠪᠠᠭᠤᠳᠠᠯᠯᠠᠬᠤ᠂ ᠬᠠᠮᠲᠤ ᠬᠤᠭᠤᠯᠠᠯᠠᠬᠤ᠂ ᠵᠤᠭ᠎ᠠ ᠴᠡᠩᠭᠡᠯ ᠢᠶᠠᠷ ᠨᠠᠭᠠᠳᠬᠤ ᠶᠢ ᠴᠠᠭᠠᠵᠠᠯᠠᠨ᠎ᠠ᠃    ᠲᠠᠪᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠤᠷ ᠵᠡᠷᠭᠡ ᠳᠤ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠡ ᠲᠤᠰᠬᠠᠶ ᠬᠥᠮᠦᠨ ᠲᠣᠬᠢᠷᠠᠭᠤᠯᠤᠨ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠡᠭᠦᠨ ᠤ ᠬᠠᠮᠲᠤ ᠰᠡᠷᠡᠮᠵᠢᠯᠡᠭᠦᠯᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃    ᠵᠢᠷᠭᠤᠭ᠎ᠠ᠂ ᠡᠯ᠎ᠡ ᠪᠠᠯᠭᠠᠰᠤ᠂ ᠾᠧ ᠺᠸᠦ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠭᠤᠤᠯ ᠭᠤᠯᠳᠤᠷᠢᠯ ᠤᠨ ᠬᠡᠰᠡᠭ ᠪᠠ ᠬᠥᠭᠦᠷᠭᠡ᠂ ᠬᠠᠭᠠᠯᠲᠠ᠂ ᠭᠤᠯᠳᠤᠩ᠂ ᠳᠠᠯᠠᠩ ᠵᠡᠷᠭᠡ ᠴᠢᠬᠤᠯᠠ ᠬᠡᠰᠡᠭ ᠲᠤ ᠢᠯᠡ ᠰᠡᠷᠡᠮᠵᠢᠯᠡᠭᠦᠯᠬᠦ ᠲᠡᠮᠳᠡᠭ ᠪᠠ ᠲᠣᠭᠤᠷᠢᠨ ᠶᠠᠪᠤᠬᠤ ᠲᠡᠮᠳᠡᠭ ᠭᠠᠷᠭᠠᠵᠤ᠂ ᠲᠡᠷᠭᠡ ᠬᠥᠰᠬᠡ᠂ ᠬᠥᠮᠦᠰ ᠤᠨ ᠦᠶᠡᠷ ᠵᠠᠯᠠᠬᠤ ᠭᠤᠤᠯ ᠤᠨ ᠭᠤᠯᠳᠤᠷᠢᠯ ᠵᠢᠴᠢ ᠬᠠᠮᠢᠶ᠎ᠠ ᠥᠬᠡᠶ ᠣᠷᠣᠨ ᠪᠦᠰᠡ ᠳᠤ ᠳᠤᠷ᠎ᠠ ᠪᠠᠷ ᠢᠶᠠᠨ ᠣᠷᠣᠬᠤ ᠶᠢ ᠴᠠᠭᠠᠵᠠᠯᠠᠨ᠎ᠠ᠃ ᠭᠤᠤᠯ ᠪᠣᠯᠬᠤ ᠭᠤᠤᠯ ᠤᠨ ᠤᠷᠤᠨ ᠳᠤ ᠠᠮᠤᠷ ᠲᠦᠪᠰᠢᠨ ᠤ ᠰᠡᠷᠡᠮᠵᠢ ᠶᠢᠨ ᠫᠠᠶᠢᠰᠠ ᠭᠠᠷᠭᠠᠵᠤ᠂ ᠠᠶᠤᠯ ᠲᠠᠢ ᠤᠰᠤᠨ ᠣᠷᠣᠨ ᠳᠤ ᠠᠮᠤᠷ ᠲᠦᠪᠰᠢᠨ ᠤ ᠲᠤᠰᠠᠭᠠᠷᠯᠠᠬᠤ ᠪᠦᠰᠡ ᠭᠠᠷᠭᠠᠬᠤ ᠬᠡᠷᠡᠭᠲᠡᠶ᠃ ᠡᠯᠭᠦᠭᠡ ᠪᠢᠴᠢᠭᠡᠰᠦ ᠡᠯᠭᠦᠬᠦ᠂ ᠬᠥᠳᠡᠯᠭᠡᠭᠡᠨᠲᠦ ᠪᠦᠷᠢᠶ᠎ᠡ ᠡᠯᠭᠦᠬᠦ᠂ ᠲᠣᠰᠬᠤᠨ ᠵᠡᠭᠡᠯᠢ ᠶᠢᠨ ᠷᠠᠳᠢᠣ᠋ ᠨᠡᠪᠲᠡᠷᠡᠭᠦᠯᠭᠡ ᠵᠡᠷᠭᠡ ᠤᠯᠠᠨ ᠵᠦᠢᠯ ᠤᠨ ᠬᠡᠯᠪᠡᠷᠢ ᠪᠠᠷ ᠤᠬᠠᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠶᠤᠯᠲᠠᠢ ᠤᠰᠤᠨ ᠣᠷᠣᠨ ᠠᠴᠠ ᠰᠠᠨᠠᠭᠠᠴᠢᠯᠠᠭ᠎ᠠ ᠠᠴᠠ ᠪᠠᠨ ᠵᠠᠶᠢᠳᠠᠭᠤ ᠪᠠᠶᠢᠨ᠎ᠠ᠃    ᠣᠨᠴᠠᠭᠠᠶᠢᠯᠠᠨ ᠵᠠᠷᠯᠠᠪᠠ    ᠲᠣᠭᠲᠠᠬᠤ ᠰᠢᠶᠠᠨ ᠤ ᠤᠰᠤᠨ ᠠᠱᠢᠭᠯᠠᠯᠲᠠ ᠶᠢᠨ ᠶᠠᠪᠤᠳᠠᠯ ᠤᠨ ᠲᠣᠪᠴᠢᠶ᠎ᠠ         2024 ᠣᠨ ᠤ 7 ᠳ᠋ᠤᠭᠠᠷ ᠰᠠᠷ᠎ᠠ ᠶᠢᠨ 4 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1