ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ︽ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠰᠠᠶᠢᠨ ᠰᠠᠶᠢᠬᠠᠨ ᠭᠡᠷ ᠤᠨ ᠰᠤᠷᠲᠠᠯ︾ - ᠭᠡᠷ ᠪᠦᠯᠢ ᠶᠢᠨ ᠤᠯᠠᠮᠵᠢᠯᠠᠯᠲᠤ ᠰᠣᠶᠣᠯ ᠤᠨ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/8
       ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠪᠠᠭᠠᠴᠤᠳ ᠬᠡᠦᠬᠡᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠶᠢ ᠲᠦᠭᠡᠮᠡᠯᠵᠢᠭᠦᠯᠬᠦ ᠶᠢ ᠠᠬᠢᠭᠤᠯᠵᠤ᠂ ᠪᠠᠭᠠᠴᠤᠳ ᠬᠡᠦᠬᠡᠳ ᠤᠨ ᠤᠯᠠᠮᠵᠢᠯᠠᠯᠲᠤ ᠰᠣᠶᠣᠯ ᠤᠨ ᠲᠤᠬᠠᠢ ᠣᠶᠢᠯᠠᠭᠠᠯᠲᠠ ᠪᠠ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 3 ᠤ ᠡᠳᠦᠷ᠂ ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠲᠣᠭᠲᠠᠬᠤ ᠰᠢᠶᠠᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ ᠲᠠᠢ ᠬᠠᠮᠲᠤᠷᠠᠨ ᠬᠠᠳᠤᠨ ᠭᠤᠣᠯ ᠤᠨ ᠮᠠᠶᠢᠶᠧ ᠳᠤ ᠬᠦᠷᠴᠦ ︽ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠰᠠᠶᠢᠨ ᠰᠠᠶᠢᠬᠠᠨ ᠭᠡᠷ ᠤᠨ ᠰᠤᠷᠲᠠᠯ︾ - ᠭᠡᠷ ᠪᠦᠯᠢ ᠶᠢᠨ ᠭᠡᠷ ᠪᠦᠯᠢ ᠶᠢᠨ ᠤᠯᠠᠮᠵᠢᠯᠠᠯᠲᠤ ᠰᠣᠶᠣᠯ ᠤᠨ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ ᠠᠵᠢᠯᠯᠠᠭ᠎ᠠ ᠥᠷᠨᠢᠭᠦᠯᠪᠡ᠃
    ᠪᠠᠭᠰᠢ ᠤᠷᠢᠳᠠᠪᠠᠷ ᠰᠢᠷᠳᠡᠮᠡᠯ ᠳᠡᠪᠢᠭᠦᠷ ᠤᠨ ᠲᠡᠦᠬᠡ ᠶᠢᠨ ᠡᠬᠢ ᠰᠤᠷᠪᠤᠯᠵᠢ ᠪᠠ ᠰᠣᠶᠣᠯ ᠤᠨ ᠦᠨ᠎ᠡ ᠦᠷᠳᠡᠭ ᠢ ᠣᠯᠠᠨ ᠳᠤ ᠲᠠᠨᠢᠯᠴᠠᠭᠤᠯᠵᠤ᠂ ᠲᠠᠶᠢᠯᠪᠤᠷᠢᠯᠠᠯᠲᠠ ᠪᠠᠷ ᠳᠠᠮᠵᠢᠨ᠂ ᠬᠡᠦᠬᠡᠳ ᠤᠳ ᠰᠢᠷᠳᠡᠮᠡᠯ ᠳᠡᠪᠢᠭᠦᠷ ᠤᠨ ᠲᠤᠬᠠᠶ ᠠᠩᠬ᠎ᠠ ᠠᠯᠬᠤᠮ ᠤᠨ ᠲᠠᠨᠢᠯᠲᠠ ᠲᠠᠢ ᠪᠣᠯᠵᠤ᠂ ᠳᠠᠷᠠᠭ᠎ᠠ ᠨᠢ ᠪᠠᠭᠰᠢ ᠠᠴᠠ ᠪᠠᠰᠠ ᠣᠯᠠᠨ ᠢ ᠳᠠᠭᠠᠭᠤᠯᠤᠨ ᠰᠢᠷᠳᠡᠭ ᠤᠨ ᠥᠩᠭᠡ ᠪᠤᠳᠤᠭ ᠢ ᠵᠣᠬᠢᠴᠠᠭᠤᠯᠬᠤ ᠪᠠ ᠳᠠᠷᠤᠮᠠᠯᠯᠠᠬᠤ ᠠᠷᠭ᠎ᠠ ᠶᠢ ᠰᠤᠷᠤᠯᠴᠠᠪᠠ᠃ ᠳᠠᠷᠠᠭ᠎ᠠ ᠳᠤᠨᠢ᠂ ᠬᠡᠦᠬᠡᠳ ᠤᠳ ᠥᠪᠡᠷ ᠤᠨ ᠳᠤᠷᠠᠲᠠᠢ ᠥᠩᠭᠡ ᠪᠠᠨ ᠰᠣᠩᠭᠤᠵᠤ᠂ ᠲᠡᠭᠦᠨ ᠢᠶᠠᠨ ᠤᠰᠤᠨ ᠳᠤ ᠳᠤᠰᠤᠯᠭᠠᠨ ᠣᠷᠣᠭᠤᠯᠵᠤ᠂ ᠭᠡᠷ ᠤᠨ ᠠᠬᠠᠮᠠᠳ ᠨᠢᠭᠡ ᠲᠠᠯ᠎ᠠ ᠪᠠᠷ ᠨᠢᠮᠪᠠᠢ ᠵᠢᠯᠣᠭᠤᠳᠴᠤ᠂ ᠬᠡᠦᠬᠡᠳ ᠲᠠᠢ ᠪᠤᠳᠤᠯ ᠰᠠᠨᠠᠯ ᠢᠶᠠᠨ ᠰᠣᠯᠢᠯᠴᠠᠵᠤ᠂ ᠨᠢᠳᠦᠨ ᠤ ᠬᠠᠷᠠᠴᠠ ᠬᠠᠶᠢᠷ᠎ᠠ ᠬᠠᠯᠠᠮᠵᠢ ᠪᠠ ᠰᠣᠨᠢᠷᠬᠠᠯ ᠢᠶᠠᠷ ᠪᠢᠯᠬᠠᠮ᠎ᠠ ᠪᠠᠶᠢᠯ᠎ᠠ᠃ ᠬᠠᠭᠠᠰ ᠴᠠᠭ ᠭᠠᠷᠤᠶ ᠶᠢᠨ ᠨᠠᠷᠢᠨ ᠨᠢᠮᠪᠠᠶ ᠵᠢᠷᠤᠭᠯᠠᠭᠰᠠᠨ ᠤ ᠳᠠᠷᠠᠭ᠎ᠠ᠂ ᠤᠷᠠᠨ ᠨᠠᠷᠢᠯᠢᠭ ᠳᠡᠪᠢᠭᠦᠷ ᠢᠶᠠᠨ ᠡᠴᠢᠭᠡ ᠡᠬᠡ ᠦᠷ᠎ᠡ ᠬᠡᠤᠬᠡᠳ ᠤᠨ ᠭᠠᠷ ᠲᠤ ᠡᠯᠭᠦᠭᠰᠡᠨ ᠪᠠᠶᠢᠨ᠎ᠠ᠃ ᠡᠳᠡᠭᠡᠷ ᠳᠡᠪᠢᠭᠦᠷ ᠨᠢ ᠥᠩᠭᠡ ᠪᠣᠳᠤᠭ ᠨᠢ ᠬᠤᠷᠴᠠ ᠲᠣᠳᠣ᠂ ᠵᠢᠷᠤᠭ ᠳᠦᠷᠰᠦ ᠨᠢ ᠠᠳᠠᠯᠢ ᠪᠤᠰᠤ ᠪᠣᠯᠬᠤᠷ ᠦᠯᠦ ᠪᠠᠷᠠᠮ ᠨᠡᠩ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠣᠬᠢ ᠰᠠᠶᠢᠨ ᠰᠠᠶᠢᠬᠠᠨ ᠡᠷᠭᠢᠴᠡᠭᠦᠯᠦᠯ ᠪᠣᠯᠤᠨ ᠭᠦᠨ ᠵᠤᠵᠠᠭᠠᠨ  ᠬᠠᠶᠢᠷ᠎ᠠ ᠰᠡᠳᠭᠢᠯᠭᠡ ᠶᠢ ᠠᠴᠢᠶᠠᠯᠠᠵᠤ ᠪᠠᠶᠢᠨ᠎ᠠ᠃ ᠬᠡᠦᠬᠡᠳ ᠤᠳ ᠥᠪᠡᠷ ᠤᠨ ᠪᠦᠲᠦᠭᠡᠯ ᠢᠶᠠᠨ ᠣᠮᠤᠭ ᠲᠡᠭᠦᠯᠳᠡᠷ ᠢᠶᠠᠷ ᠳᠡᠯᠭᠡᠨ ᠦᠵᠡᠭᠦᠯᠵᠦ᠂ ᠴᠢᠷᠠᠢ ᠳᠤ ᠪᠠᠶᠠᠷ ᠪᠠᠭ᠋ᠠᠳᠤᠯ ᠪᠢᠯᠬᠠᠵᠤ ᠪᠠᠶᠢᠯ᠎ᠠ᠃
     ᠪᠠᠭᠰᠢ ᠪᠢᠴᠢᠬᠠᠨ ᠨᠠᠶᠢᠵᠠ ᠨᠠᠷ ᠲᠤ ᠰᠡᠭᠦᠳᠡᠷ ᠲᠡᠦᠬᠡ ᠶᠢᠨ ᠡᠭᠦᠰᠦᠯ᠂ ᠦᠢᠯᠡᠳᠬᠦ ᠶᠠᠪᠤᠴᠠ᠂ ᠠᠵᠢᠯᠯᠠᠬᠤ ᠠᠷᠭ᠎ᠠ ᠪᠠᠷᠢᠯ ᠵᠡᠷᠭᠡ ᠦᠨᠳᠦᠰᠦᠨ ᠠᠭᠤᠯᠭ᠎ᠠ ᠶᠢ ᠲᠠᠨᠢᠯᠴᠠᠭᠤᠯᠤᠭᠰᠠᠨ ᠪᠥᠭᠡᠳ ︽ᠠᠯᠲᠠᠨ ᠰᠦᠬᠡ ᠮᠥᠩᠭᠦᠨ ᠰᠦᠬᠡ︾ ᠶᠢᠨ ᠦᠯᠢᠭᠡᠷ ᠢ ᠲᠣᠭᠯᠠᠬᠤ ᠪᠠᠷ ᠳᠠᠮᠵᠢᠨ ᠪᠢᠴᠢᠬᠠᠨ ᠨᠠᠶᠢᠵᠠ ᠨᠠᠷ ᠲᠤ ᠺᠢᠨᠣ᠋ ᠵᠦᠴᠦᠭᠡ ᠶᠢᠨ ᠲᠤᠬᠠᠢ ᠠᠩᠬ᠎ᠠ ᠠᠯᠬᠤᠮ ᠤᠨ ᠣᠶᠢᠯᠠᠭᠠᠯᠲᠠ ᠲᠠᠢ ᠪᠣᠯᠭᠠᠪᠠ᠃ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠬᠡᠦᠬᠡᠳ ᠤᠳ ᠤᠷᠮ᠎ᠠ ᠪᠠᠬ᠎ᠠ ᠪᠠᠨ ᠳᠠᠷᠤᠵᠤ ᠳᠡᠶᠢᠯᠬᠦ ᠥᠬᠡᠶ ᠪᠠᠶᠢᠵᠤ᠂ ᠪᠠᠭᠰᠢ ᠠᠴᠠ ᠰᠡᠭᠦᠳᠡᠷ ᠲᠠᠲᠠᠵᠤ ᠠᠵᠢᠯᠯᠠᠬᠤ ᠠᠷᠭ᠎ᠠ ᠶᠢ ᠠᠰᠠᠭᠤᠵᠤ᠂ ᠪᠠᠭᠰᠢ ᠠᠴᠠ ᠬᠡᠦᠬᠡᠳ ᠢ ᠲᠠᠶᠢᠰᠠᠨ ᠳᠤ ᠤᠷᠢᠵᠤ ᠰᠡᠭᠦᠳᠡᠷ ᠰᠢ ᠲᠣᠭᠯᠠᠭᠤᠯᠵᠤ᠂ ᠠᠳᠡ ᠰᠠᠭᠤᠵᠤ ᠪᠠᠶᠢᠭ᠎ᠠ ᠴᠥᠭᠡᠨ ᠪᠤᠰᠤ ᠭᠡᠷ ᠤᠨ ᠠᠬᠠᠮᠠᠳ ᠴᠤ ᠬᠡᠦᠬᠡᠳ ᠤᠳ ᠲᠠᠢ ᠬᠠᠮᠲᠤ ᠪᠠᠷ ᠪᠡᠶᠡᠴᠢᠯᠡᠨ ᠣᠶᠢᠯᠠᠭᠠᠭᠤᠯᠵᠤ᠂ ᠡᠴᠢᠭᠡ ᠡᠬᠡ ᠦᠷ᠎ᠡ ᠬᠡᠦᠬᠡᠳ ᠤᠨ ᠢᠶᠠᠨ ᠬᠠᠷᠢᠯᠴᠠᠨ ᠬᠥᠳᠡᠯᠦᠯᠴᠡᠬᠦ ᠪᠠᠷ ᠳᠠᠮᠵᠢᠨ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠬᠡᠦᠬᠡᠳ ᠤᠳ ᠤᠨ ᠰᠡᠳᠬᠢᠯ ᠳᠤ ᠰᠡᠪ ᠬᠦᠷᠲᠡᠯ᠎ᠡ ᠦᠨᠳᠦᠰᠦᠯᠡᠭᠦᠯᠦᠭᠰᠡᠨ ᠪᠠᠶᠢᠨ᠎ᠠ᠃
   ᠲᠤᠬᠠᠶ ᠶᠢᠨ ᠲᠠᠯᠠᠪᠤᠷ ᠲᠤ ᠦᠵᠡᠬᠦ ᠪᠠ ᠬᠠᠷᠢᠯᠴᠠᠨ ᠦᠢᠯᠡᠳᠦᠯᠴᠡᠵᠦ ᠣᠶᠢᠯᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠪᠠᠭᠠᠴᠤᠳ ᠬᠡᠦᠬᠡᠳ ᠲᠤ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠬᠤ ᠪᠠᠷ ᠪᠠᠷᠠᠬᠤ ᠥᠬᠡᠶ ᠪᠠᠰᠠ ᠲᠡᠳᠡᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠶ ᠣᠶᠢᠯᠠᠭᠠᠯᠲᠠ ᠪᠠ ᠮᠡᠳᠡᠷᠡᠮᠵᠢ ᠶᠢ ᠨᠡᠮᠡᠭᠳᠡᠭᠦᠯᠵᠦ᠂ ᠰᠣᠶᠣᠯ ᠤᠨ ᠢᠲᠡᠭᠡᠯ ᠢ ᠪᠣᠶ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠨᠠᠰᠤᠨ ᠳᠤ ᠥᠯᠥ ᠭᠦᠷᠦᠭᠰᠡᠳ ᠤᠨ ᠰᠡᠳᠬᠢᠯ ᠳᠤ ᠣᠷᠣᠭᠤᠯᠵᠤ᠂ ᠲᠡᠳᠡᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠠᠴᠠ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠭᠡᠷ ᠪᠦᠯᠢ ᠶᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠥᠭᠡᠳᠡᠯᠡᠨ ᠲᠠᠪᠰᠢᠬᠤ ᠭᠡᠷ ᠪᠦᠯᠢ ᠶᠢᠨ ᠬᠥᠮᠦᠵᠢᠯ ᠤᠨ ᠣᠶᠢᠯᠠᠭᠠᠭᠳᠠᠬᠤᠨ ᠢ ᠪᠤᠢ ᠪᠤᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1