︽ᠨᠢᠭᠡ ᠠᠵᠢᠯ ᠲᠥᠷᠥᠯ ᠨᠢᠭᠡ ᠦᠨᠡᠮᠯᠡᠯ︾ ᠢᠶᠠᠷ ᠬᠢᠨᠠᠨ ᠵᠦᠪᠰᠢᠶᠡᠷᠡᠯ ᠢ ᠳᠠᠬᠢᠨ ᠲᠦᠷᠭᠡᠳᠬᠡᠨ᠎ᠡ - ᠲᠣᠭᠲᠠᠬᠤ ᠰᠢᠶᠠᠨ ᠠᠩᠬᠠᠳᠠᠭᠴᠢ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠲᠠᠷᠬᠠᠭᠠᠪᠠ
ᠨᠡᠶᠢᠲᠡᠯᠡᠭᠰᠡᠨ ᠴᠠᠭ᠄
2024/7/8
       ︽ᠤᠤᠯ ᠨᠢ ᠪᠠᠭᠤᠳᠠᠯ ᠡᠷᠬᠢᠯᠡᠬᠦ ᠳᠤ᠂ ᠦᠨᠡᠮᠯᠡᠯ ᠠᠪᠤᠭᠰᠠᠨ ᠤ ᠳᠠᠷᠠᠭ᠎ᠠ ᠪᠠᠰᠠ ᠲᠣᠰ ᠲᠣᠰ ︽ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ︾ ︽ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︾ ᠪᠠ ︽ᠣᠨᠴᠠ ᠲᠥᠷᠥᠯ ᠤᠨ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ︾ ᠢ ᠭᠦᠢᠴᠡᠳᠬᠡᠬᠦ ᠬᠡᠷᠡᠭᠲᠡᠶ᠃ ᠣᠳᠣ ᠵᠥᠪᠬᠡᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ ︿ᠨᠢᠭᠡ ᠯᠡ ᠤᠳᠠᠭ᠎ᠠ ᠳᠤ ᠭᠦᠢᠴᠡᠳᠭᠡᠬᠦ﹀ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠲᠤ ᠬᠦᠷᠴᠦ᠂ ᠨᠢᠭᠡ ᠯᠡ ᠤᠳᠠᠭ᠎ᠠ ᠮᠠᠲ᠋ᠧᠷᠢᠶᠠᠯ ᠲᠤᠰᠢᠶᠠᠵᠤ᠂ ᠬᠠᠪᠰᠤᠷᠤᠨ ᠭᠦᠢᠴᠡᠳᠬᠡᠬᠦ ᠠᠵᠢᠯᠲᠠᠳ ᠪᠥᠬᠦ ᠶᠠᠪᠤᠴᠠ ᠳᠤ ᠪᠢᠳᠡᠨ ᠢ ᠬᠠᠪᠰᠤᠷᠤᠨ ᠰᠢᠰᠲ᠋ᠧᠮ ᠲᠠᠢ ᠪᠠᠷ ᠲᠠᠭᠯᠠᠨ ᠮᠡᠳᠡᠭᠦᠯᠵᠦ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠳᠠᠷᠤᠶ ︽ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ︾ ᠢ ᠣᠯᠵᠤ ᠪᠣᠯᠤᠨ᠎ᠠ᠂ ᠠᠵᠢᠯ ᠶᠠᠪᠤᠳᠠᠯ ᠭᠦᠢᠴᠡᠳᠭᠡᠬᠦ ᠴᠠᠭ ᠢ ᠨᠡᠯᠢᠶᠡᠳ ᠪᠣᠭᠤᠨᠢᠰᠬᠠᠭᠠᠳ ᠮᠠᠰᠢ ᠲᠥᠬᠦᠮ ᠪᠣᠯᠵᠠᠢ︾ ᠭᠡᠵᠦ ᠭᠠᠷᠳᠠᠨ ᠭᠦᠢᠴᠡᠳᠭᠡᠭᠴᠢ ᠵᠠᠩ ᠠᠪᠠᠭ᠋ᠠᠢ ᠪᠠᠶᠠᠷᠲᠠᠢ ᠪᠠᠷ ᠬᠡᠯᠡᠪᠡ᠃ ᠡᠨᠡ ᠪᠣᠯ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ ᠥᠭᠡᠷᠡᠴᠢᠯᠡᠯᠲᠡ ᠶᠢ ᠠᠬᠢᠭᠤᠯᠤᠭᠰᠠᠨ ᠠᠴᠠ ᠨᠠᠰᠢ᠂ ᠨᠡᠶᠢᠲᠡᠯᠡᠭᠰᠡᠨ ᠠᠩᠬᠠᠳᠠᠭᠴᠢ ︽ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ︾ ᠪᠣᠯᠤᠨ᠎ᠠ᠃    ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠴᠦ᠂ ᠡᠵᠡᠩᠨᠡᠯᠲᠡ ᠶᠢᠨ ᠭᠤᠤᠯ ᠴᠣᠭᠴᠠ ᠶᠢᠨ ᠣᠨᠴᠠᠭᠠᠶ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠲᠠᠯ᠎ᠠ ᠠᠴᠠ ᠬᠢᠨᠠᠨ ᠵᠥᠪᠰᠢᠶᠡᠷᠡᠬᠦ ᠵᠡᠷᠭᠡ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠠᠵᠢᠯ ᠲᠥᠷᠥᠯ ᠳᠤ ᠨᠢᠭᠡ ᠦᠨᠡᠮᠯᠡᠯ ᠣᠯᠭᠤᠬᠤ︾ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠣᠯᠠᠨ ᠠᠵᠢᠯ ᠶᠠᠪᠤᠳᠠᠯ ᠭᠦᠢᠴᠡᠳᠭᠡᠬᠦ ᠪᠠᠶᠢᠳᠠᠯ ᠢ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠮᠠᠲ᠋ᠧᠷᠢᠶᠠᠯ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠦᠨᠡᠮᠯᠡᠯ ᠢᠶᠠᠷ ᠡᠵᠡᠩᠨᠡᠬᠦ᠂ ᠨᠢᠭᠡ ᠨᠣᠮᠧᠷ ᠢᠶᠠᠷ ᠬᠤᠯᠪᠣᠭᠠᠯᠠᠨ ᠬᠥᠳᠡᠯᠦᠯᠴᠡᠬᠦ︾ ᠶᠢ ᠪᠡᠶᠡᠯᠡᠭᠦᠯᠪᠡ᠃ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠥᠪᠡᠷ ᠤᠨ ᠦᠷᠳᠡᠭ ᠢ ᠨᠡᠩ ᠳᠣᠣᠷ᠎ᠠ᠂ ᠭᠤᠭᠴᠤᠭ᠎ᠠ ᠶᠢ ᠨᠡᠩ ᠴᠥᠭᠡᠨ᠂ ᠦᠷ᠎ᠡ ᠪᠦᠲᠦᠮᠵᠢ ᠶᠢ ᠨᠡᠩ ᠥᠨᠳᠥᠷ ᠪᠣᠯᠭᠠᠨ᠎ᠠ᠃    ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠬᠤᠶ ᠲᠠᠯᠠᠪᠠᠶ ᠶᠢᠨ ᠬᠡᠷᠡᠭᠯᠡᠯᠲᠡ ᠶᠢ ᠥᠷᠭᠡᠳᠬᠡᠨ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠴᠠᠭ ᠲᠤᠬᠠᠶ ᠳᠤᠨᠢ ᠰᠣᠨᠣᠰᠴᠤ᠂ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ ᠨᠥᠯᠥᠭᠡᠯᠡᠬᠦ ᠬᠦᠴᠦᠨ ᠢ ᠥᠷᠭᠡᠳᠬᠡᠨ᠂ ᠡᠵᠡᠩᠨᠡᠯᠲᠡ ᠶᠢᠨ ᠭᠤᠤᠯ ᠴᠣᠭᠴᠠ ᠳᠤ ᠦᠨᠡᠨ ᠬᠦ ᠬᠠᠶᠢᠷ᠎ᠠ ᠪᠠ ᠬᠡᠷᠡᠭᠯᠡᠯᠲᠡ ᠬᠦᠷᠲᠡᠭᠡᠵᠦ᠂ ᠥᠭᠡᠷᠡᠴᠢᠯᠡᠯᠲᠡ ᠪᠠᠷ ᠠᠵᠤ ᠠᠬᠤᠶᠢᠯᠠᠯ ᠣᠯᠠᠨ ᠲᠦᠮᠡᠨ ᠳᠤ ᠨᠠᠩ ᠣᠯᠠᠨ ᠠᠰᠢᠭ ᠬᠦᠷᠲᠡᠭᠡᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1