ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠦᠡᠨᠡᠬᠦ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠳᠣᠭᠲᠠᠭᠤᠨ ᠪᠦᠭᠡᠳ ᠡᠷᠡᠭᠦᠯ ᠢᠶᠠᠷ ᠬᠦᠭᠵᠢᠬᠦ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/7/8
      ᠣᠷᠣᠨ ᠰᠠᠭᠤᠴᠠ ᠶᠢᠨ ᠠᠰᠠᠭᠤᠳᠠᠯ ᠪᠣᠯ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠮᠥᠷᠲᠡᠭᠡᠨ ᠪᠠᠰᠠ ᠴᠤ ᠬᠥᠭᠵᠢᠯᠲᠡ ᠶᠢᠨ ᠠᠰᠠᠭᠤᠳᠠᠯ ᠪᠣᠯᠤᠨ᠎ᠠ᠂ ᠲᠦᠭ ᠲᠦᠮᠡᠨ ᠠᠶᠢᠯ ᠡᠷᠦᠬᠡ ᠶᠢᠨ ᠲᠤᠰ ᠪᠡᠶ᠎ᠡ ᠶᠢᠨ ᠠᠰᠢᠭ ᠲᠤᠰᠠ ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠃ 4 ᠳ᠋ᠤᠭᠡᠷ ᠰᠠᠷ᠎ᠠ ᠶᠢᠨ 30 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ᠂ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠦᠨᠡᠨ ᠬᠦ ᠰᠠᠶᠢᠲᠤᠷ ᠬᠢᠵᠦ᠂ ᠭᠡᠷ ᠪᠠᠶᠢᠰᠢᠩ ᠬᠤᠳᠠᠯᠳᠤᠨ ᠠᠪᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠨ᠎ᠠ ᠭᠡᠵᠤ ᠵᠢᠭᠠᠨ ᠭᠠᠷᠭᠠᠪᠠ᠃ 5 ᠳ᠋ᠤᠭᠠᠷ ᠰᠠᠷ᠎ᠠ ᠶᠢᠨ 17 ᠤ ᠡᠳᠦᠷ ᠤᠨ ᠪᠥᠬᠦ ᠤᠯᠤᠰ ᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠤᠨ ᠸᠢᠳᠢᠤ᠋ ᠬᠤᠷᠠᠯ ᠤᠨ ᠳᠠᠷᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠪᠡ ᠃ 6 ᠳ᠋ᠤᠭᠠᠷ ᠰᠠᠷ᠎ᠠ ᠶᠢᠨ 24 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠠᠮᠲᠤᠷᠠᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠲᠥᠷᠥ ᠶᠢᠨ ᠪᠣᠳᠣᠯᠭ᠎ᠠ ᠶᠢᠨ ᠪᠤᠯᠪᠠᠰᠤᠷᠠᠯ ᠤᠨ ᠸᠢᠳᠢᠤ᠋ ᠬᠤᠷᠠᠯ ᠬᠤᠷᠠᠯᠳᠤᠭᠤᠯᠵᠤ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠪᠤᠯᠪᠠᠰᠤᠷᠠᠯ ᠢ ᠥᠷᠨᠢᠭᠦᠯᠵᠦ᠂ ᠡᠯ᠎ᠡ ᠭᠠᠵᠠᠷ ᠢ ᠵᠢᠯᠣᠭᠤᠳᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠦᠨᠡᠨᠬᠦ ᠰᠠᠶᠢᠲᠤᠷ ᠬᠢᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠪᠠ᠃      ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠪᠣᠯ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠠᠷᠠᠳ ᠲᠤ ᠠᠰᠢᠭᠲᠠᠢ ᠠᠷᠭ᠎ᠠ ᠬᠡᠮᠵᠢᠶ᠎ᠡ ᠮᠥᠨ᠃ ᠲᠦᠷᠦ ᠶᠢ ᠵᠠᠰᠠᠬᠤ ᠳᠤ ᠠᠷᠠᠳ ᠲᠦᠮᠡᠨ ᠳᠤ ᠠᠰᠢᠭᠳᠠᠢ ᠪᠠᠶᠢᠬᠤ ᠪᠠᠷ ᠦᠨᠳᠦᠰᠦ ᠪᠤᠯᠭᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ  ᠲᠡᠦᠬᠡᠨ ᠠᠴᠠ ᠠᠪᠤᠭᠠᠳ ᠵᠣᠯ ᠵᠢᠷᠭᠠᠯ ᠤᠨ ᠲᠤᠬᠠᠢ ᠬᠠᠮᠤᠭ ᠤᠨ ᠪᠣᠷᠣᠭᠵᠢᠭᠤᠨ ᠬᠦᠰᠡᠯ ᠡᠷᠡᠮᠡᠯᠵᠡᠯ ᠪᠣᠯ ᠳᠠᠷᠤᠢ ᠠᠮᠤᠷ ᠲᠠᠶᠢᠪᠤᠩ ᠠᠵᠤ ᠲᠦᠷᠦᠭᠦ ᠶᠠᠪᠤᠳᠠᠯ ᠪᠣᠯᠤᠨ᠎ᠠ᠃ ᠠᠮᠤᠷ ᠲᠠᠶᠢᠪᠤᠩ ᠪᠤᠯ ᠰᠠᠶ᠋ᠢ ᠠᠵᠢᠯ ᠦᠢᠯᠡᠰ ᠪᠤᠰᠬᠠᠵᠤ ᠠᠵᠤ ᠲᠦᠷᠦᠵᠦ ᠴᠢᠳᠠᠨ᠎ᠠ᠃ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ︾ ᠠᠴᠠ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ︾ ᠬᠦᠷᠲᠡᠯ᠎ᠡ᠂ ᠢᠮᠠᠭᠲᠠ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠪᠠᠷ ᠦᠨᠳᠦᠰᠦᠨ ᠵᠣᠷᠢᠯᠲᠠ ᠪᠠ ᠲᠤᠰᠤᠯᠲᠠ ᠪᠣᠯᠭᠠᠵᠤ᠂ ᠭᠡᠷ᠎ᠡ ᠶᠢᠨ ᠲᠤᠭᠳᠠᠭᠠᠭᠰᠠᠨ ᠶᠣᠰᠣᠭᠠᠷ ᠬᠢᠷᠢ ᠲᠡᠩᠴᠡᠭᠰᠡᠨ ᠭᠡᠷ ᠪᠠᠶᠢᠰᠢᠩ ᠢ ᠰᠢᠯᠭᠠᠨ ᠠᠪᠴᠦ ᠠᠷᠠᠳ ᠤᠯᠠᠨ  ᠳᠤ ᠤᠯᠭᠤᠬᠤ ᠶᠠᠪᠤᠳᠠᠯ ᠪᠣᠯᠤᠨ᠎ᠠ᠃      ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠪᠣᠯ ᠣᠳᠣᠬᠠᠨ ᠤ ᠭᠡᠷ ᠪᠠᠶᠢᠰᠢᠩ ᠭᠠᠵᠠᠷ ᠬᠦᠢᠷᠣᠩᠭᠡ ᠶᠢᠨ ᠵᠠᠬ᠎ᠠ ᠲᠠᠯᠭᠡᠭᠦᠷ ᠤᠨ ᠳᠣᠪᠤᠶᠢᠮ᠎ᠠ ᠠᠰᠠᠭᠤᠲᠠᠯ ᠢ ᠰᠢᠢᠣᠠᠪᠤᠷᠢᠯᠠᠭᠦ ᠬᠦᠭᠵᠢᠯᠳᠡ ᠶᠢᠨ ᠠᠷᠭ᠎ᠠ ᠪᠤᠲᠣᠯᠭ᠎ᠠ ᠮᠦᠠ᠃ ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠶᠠᠭ ᠲᠣᠬᠢᠷᠠᠭᠤᠯᠬᠤ ᠶᠠᠪᠤᠴᠠ ᠳᠤ ᠪᠠᠶᠢᠵᠦ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠠᠬᠢᠭᠤᠯᠬᠤ ᠨᠢ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠬᠠᠳᠠᠭᠠᠯᠠᠯᠲᠠ ᠶᠢ ᠪᠠᠭᠠᠰᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠨᠢᠭᠡ ᠶᠠᠪᠤᠳᠠᠯ ᠢᠶᠠᠷ ᠣᠯᠠᠨ ᠶᠠᠪᠤᠳᠠᠯ ᠢ ᠪᠡᠶᠡᠯᠡᠭᠦᠯᠵᠦ ᠳᠡᠶᠢᠯᠦᠨ᠎ᠡ ᠪᠤᠯᠤᠨ᠎ᠠ᠄ ᠪᠠᠶᠢᠭᠤᠯᠵᠤ ᠪᠠᠶᠢᠭ᠎ᠠ ᠨᠢᠭᠡᠨᠲᠡ ᠪᠣᠷᠣᠯᠠᠭᠤᠯᠤᠭᠰᠠᠨ ᠲᠤᠰᠢᠶᠠᠭᠠᠳᠦᠢ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠳᠤ ᠪᠠᠯᠠ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠵᠤ᠂ ᠠᠵᠢᠯ ᠢᠶᠠᠨ ᠰᠡᠷᠭᠦᠭᠡᠬᠦ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠬᠡᠷ ᠪᠠᠶᠢᠰᠢᠩ ᠤᠨ ᠪᠣᠷᠣᠯᠠᠭᠤᠯᠭ᠎ᠠ ᠶᠢ ᠠᠬᠢᠭᠤᠯᠤᠨ᠎ᠠ︔ ᠦᠯᠡᠳᠡᠭᠳᠡᠯ ᠭᠠᠵᠠᠷ ᠰᠢᠷᠣᠶ ᠪᠠ ᠣᠷᠣᠨ ᠰᠠᠭᠤᠴᠠ ᠶᠢ ᠰᠢᠢᠳᠪᠦᠷᠢᠯᠡᠵᠦ᠂ ᠬᠠᠳᠠᠭᠠᠯᠠᠯᠲᠠ ᠶᠢ ᠪᠦᠲᠦᠮᠵᠢᠲᠡᠶ ᠠᠷᠢᠯᠭᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠠᠬᠢᠭᠤᠯᠤᠨ᠎ᠠ︔ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠭᠡᠷ᠎ᠡ ᠠᠴᠠ ᠵᠥᠷᠢᠴᠡᠬᠦ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠠᠴᠠ ᠵᠠᠶᠢᠯᠠᠰᠬᠢᠨ᠎ᠡ᠃      ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠪᠣᠯ ᠳᠤᠮᠳᠠ ᠪᠠ ᠤᠷᠲᠤ ᠬᠤᠭᠤᠴᠠᠭᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠤᠪᠢᠷᠠᠭᠤᠯᠬᠤ ᠠᠷᠭ᠎ᠠ ᠪᠣᠳᠣᠯᠭ᠎ᠠ ᠮᠥᠨ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢᠨ ᠰᠢᠨ᠎ᠡ ᠬᠤᠪᠢᠷᠠᠯᠲᠠ᠂ ᠠᠷᠠᠳ ᠣᠯᠠᠨ ᠤ ᠴᠢᠨᠠᠷ ᠰᠠᠶᠢᠲᠠᠶ ᠣᠷᠣᠨ ᠰᠠᠭᠤᠴᠠ ᠶᠢᠨ ᠲᠤᠬᠠᠶ ᠰᠢᠨ᠎ᠡ ᠬᠦᠰᠡᠯ ᠡᠷᠡᠮᠡᠯᠵᠡᠯ ᠲᠠᠢ ᠤᠶᠠᠯᠳᠤᠭᠤᠯᠤᠨ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠬᠤᠪᠢᠷᠠᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠄ ᠦᠯᠡᠳᠡᠭᠳᠡᠯ ᠲᠠᠸᠠᠷ ᠤᠨ ᠬᠡᠷ ᠪᠠᠶᠢᠰᠢᠩ ᠢ ᠬᠡᠷᠡᠭᠴᠡᠭᠡ ᠪᠠᠷ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠭᠠᠨ ᠬᠡᠷᠡᠭᠯᠡᠵᠦ᠂ ᠴᠠᠯᠢᠩ ᠤᠨ ᠣᠷᠣᠯᠭ᠎ᠠ ᠲᠠᠢ ᠬᠥᠮᠦᠰ ᠤᠨ ᠵᠠᠶᠢᠯᠠᠰᠢ ᠥᠬᠡᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠵᠦ᠂ ᠪᠡᠯᠡᠨ ᠬᠡᠷ ᠪᠠᠶᠢᠰᠢᠩ ᠤᠨ ᠪᠤᠷᠤᠯᠠᠭᠤᠯᠭ᠎ᠠ ᠶᠢ ᠠᠬᠢᠭᠤᠯᠤᠨ᠎ᠠ︔ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠲᠦᠷᠭᠡᠳᠬᠡᠨ ᠬᠤᠪᠢᠷᠠᠭᠤᠯᠬᠤ ᠶᠢ ᠵᠢᠯᠣᠭᠤᠳᠴᠤ᠂ ᠣᠷᠣᠨ ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠦᠨᠡᠨᠬᠦ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠰᠠᠨ ᠰᠠᠭᠤᠷᠢᠨ ᠳᠡᠭᠡᠷ᠎ᠡ᠂ ᠴᠢᠭᠯᠡᠯ ᠵᠠᠷᠴᠢᠮ ᠢᠶᠠᠨ ᠲᠣᠳᠣᠷᠬᠠᠶᠢᠯᠠᠵᠤ᠂ ᠠᠷᠭ᠎ᠠ ᠮᠠᠶ᠋ᠢᠭ ᠢᠶᠠᠨ ᠣᠨᠣᠪᠴᠢᠲᠠᠶ ᠡᠷᠢᠵᠦ ᠤᠯᠬᠤ ᠬᠡᠷᠡᠭᠲᠡᠶ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠭ᠎ᠠ ᠪᠦᠬᠦᠨ ᠢ ᠰᠦᠪᠡᠭᠴᠢᠯᠡᠨ ᠭᠡᠷ ᠪᠠᠶᠢᠰᠢᠩ  ᠢᠶᠠᠨ ᠲᠤᠰᠢᠶᠠᠨ ᠥᠭᠬᠦ ᠶᠢ ᠪᠡᠶᠡᠯᠡᠭᠦᠯᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠵᠠᠰᠠᠭ ᠤᠨ ᠣᠷᠳᠣᠨ ᠤ ᠪᠣᠭᠤᠮᠲᠠ ᠰᠢᠪᠲᠤᠯᠬᠤ ᠴᠢᠬᠤᠯᠠᠲᠠᠶ ᠲᠥᠷᠥᠯ ᠵᠦᠢᠯ ᠢ ᠣᠨᠣᠪᠴᠢᠲᠠᠶ ᠲᠣᠭᠲᠠᠭᠠᠵᠤ᠂ ᠬᠡᠷ ᠪᠠᠶᠢᠰᠢᠩ ᠲᠤᠰᠢᠶᠠᠬᠤ ᠪᠠᠷ ᠬᠠᠷᠠᠯᠲᠠ ᠪᠣᠯᠭᠠᠨ ᠲᠥᠷᠥᠯ ᠵᠦᠢᠯ  ᠢᠶᠠᠨ ᠬᠠᠭᠠᠰ ᠲᠤᠳᠠᠭᠤ ᠤᠷᠬᠢᠬᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠶ᠃ ᠲᠥᠷᠥᠯ ᠬᠤᠪᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠬᠤᠲᠠ ᠶᠢᠨ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ︽ᠨᠢᠭᠡ ᠲᠥᠷᠥᠯ ᠵᠦᠢᠯ ᠳᠤ ᠨᠢᠭᠡ ᠠᠷᠭ᠎ᠠ ᠪᠣᠳᠣᠯᠭ᠎ᠠ ᠠᠪᠬᠤ︾ ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠪᠠᠯᠠ ᠮᠥᠩᠭᠦ ᠨᠢ ᠥᠷᠢ ᠳᠡᠭᠡᠨ ᠬᠦᠷᠬᠦ ᠲᠥᠷᠥᠯ ᠵᠦᠢᠯ ᠢ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ︽ᠴᠠᠭᠠᠨ ᠨᠡᠷᠡᠰ ᠤᠨ ᠵᠢᠭᠰᠠᠭᠠᠯᠲᠠ︾ ᠳᠤ ᠣᠷᠣᠭᠤᠯᠤᠨ ᠪᠠᠯᠠ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠦᠨ᠎ᠡ᠂ ᠪᠠᠯᠠ ᠮᠥᠩᠭᠦ ᠨᠢ ᠥᠷᠢ ᠳᠡᠭᠡᠨ ᠬᠦᠷᠬᠦ ᠥᠬᠡᠶ ᠲᠥᠷᠥᠯ ᠵᠦᠢᠯ ᠢ ᠬᠠᠤᠯᠢ ᠢᠶᠠᠷ ᠰᠢᠢᠳᠪᠦᠷᠢᠯᠡᠬᠦ ᠲᠠᠰ ᠳᠠᠷᠠᠭᠠᠯᠠᠯ ᠳᠤ  ᠤᠷᠤᠭᠤᠯᠤᠨ᠎ᠠ᠃ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠮᠵᠢᠯᠴᠠᠬᠤ᠂ ᠲᠣᠰ  ᠪᠦᠷᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ︔ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠪᠡᠷ ᠢ ᠪᠠᠨ ᠠᠪᠤᠷᠠᠬᠤ ᠶᠢ ᠢᠳᠡᠪᠬᠢᠵᠢᠭᠦᠯᠦᠨ ᠱᠠᠭᠠᠷᠳᠠᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠵᠢᠭᠡᠯᠡᠯᠭᠡ ᠶᠢ ᠬᠢᠨᠠᠨ ᠵᠥᠪᠰᠢᠶᠡᠷᠡᠬᠦ ᠪᠠ ᠵᠢᠭᠡᠯᠡᠯᠭᠡ ᠲᠠᠯᠪᠢᠬᠤ ᠪᠠᠨ ᠲᠦᠷᠭᠡᠳᠬᠡᠵᠦ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ︽ᠵᠢᠭᠡᠯᠡᠭᠦᠯᠬᠦ ᠶᠣᠰᠣᠲᠠᠶ ᠶᠢ ᠨᠢ ᠴᠥᠮ ᠵᠢᠭᠡᠯᠡᠭᠦᠯᠬᠦ︾ ᠶᠢ ᠪᠡᠶᠡᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠰᠢᠶᠠᠨ ᠥᠭᠬᠦ ᠶᠢ ᠳᠡᠮᠵᠢᠬᠦ ᠬᠡᠷᠡᠭᠲᠡᠶ᠃      ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠠᠶᠢᠷᠢᠯᠠᠭᠤᠯᠤᠯᠲᠠ ᠨᠢᠭᠡᠨᠲᠡ ᠪᠤᠢ ᠪᠤᠯᠵᠦ᠂ ᠪᠣᠭᠤᠮᠲᠠ ᠰᠢᠪᠲᠤᠯᠬᠤ ᠠᠵᠢᠯ ᠨᠢᠭᠡᠨᠲᠡ ᠡᠬᠢᠯᠡᠵᠡᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠨᠠᠮ ᠪᠣᠯᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠬᠦᠴᠦᠨ ᠢᠶᠠᠨ ᠲᠥᠪᠯᠡᠷᠡᠭᠦᠯᠵᠦ᠂ ᠴᠠᠭ ᠢᠶᠠᠨ ᠲᠥᠪᠯᠡᠷᠡᠭᠦᠯᠦᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠬᠡᠷᠡᠭᠲᠡᠢ︕    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1