ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ | ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠤᠶᠤᠨᠳᠦ ᠮᠠᠰᠢᠨ ᠲᠡᠷᠭᠡᠨ ᠤ ︽ | ᠲᠡᠷᠭᠡ ᠵᠠᠮ ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ︾ ᠬᠡᠷᠡᠭᠯᠡᠭᠡᠨ ᠤ ᠲᠤᠷᠰᠢᠯᠲᠠ ᠶᠢᠨ ᠬᠤᠲᠠ ᠶᠢᠨ | ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ ᠨᠡᠶᠢᠲᠡᠯᠡᠪᠡ᠃ | ᠮᠡᠳᠡᠭᠳᠡᠯ ᠤᠨ ᠭᠤᠣᠯ ᠠᠭᠤᠯᠭ᠎ᠠ ᠨᠢ ᠲᠤᠤᠷᠠᠬᠢ ᠮᠡᠳᠦ᠄ | ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠤᠶᠤᠨᠳᠦ ᠮᠠᠰᠢᠨ ᠲᠡᠷᠭᠡᠨ ᠤ ︽ | ᠲᠡᠷᠭᠡ ᠵᠠᠮ ᠡᠭᠦᠯᠡᠨ ᠪᠣᠳᠣᠯᠲᠠ ᠶᠢ ᠨᠢᠭᠡ ᠴᠤᠭᠴᠠᠵᠢᠭᠤᠯᠬᠤ︾ ᠬᠡᠷᠡᠭᠯᠡᠭᠡᠨ ᠤ ᠲᠤᠷᠰᠢᠯᠲᠠ ᠶᠢᠨ ᠠᠵᠢᠯ ᠢ | ᠥᠷᠨᠢᠭᠦᠯᠬᠦ ᠲᠤᠬᠠᠶ ᠮᠡᠳᠡᠭᠳᠡᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠨᠡᠪᠳᠡᠷᠡᠭᠦᠯᠬᠦ | ᠤᠭᠰᠠᠷᠠᠬᠤ ﹇2024﹈ 268 ᠳ᠋ᠤᠭᠠᠷ ᠲᠣᠭᠠᠲᠤ︶ ᠤᠨ ᠲᠣᠬᠢᠷᠠᠭᠤᠯᠤᠯᠲᠠ ᠶᠣᠰᠣᠭᠠᠷ᠂ ᠰᠠᠶᠢᠨ | ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠵᠣᠬᠢᠶᠠᠨ ᠪᠠᠶᠢᠭᠤᠯᠵᠤ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ | 20 ᠬᠤᠲᠠ ︵ᠬᠤᠯᠪᠣᠭᠠᠲᠤ ᠴᠣᠭᠴᠠ︶ ᠶᠢ ᠤᠶᠤᠨᠲᠤ ᠮᠠᠰᠢᠨ ᠲᠡᠷᠭᠡᠨ ᠤ ︽ᠲᠡᠷᠭᠡ ᠵᠠᠮ ᠡᠭᠦᠯᠡᠨ ᠪᠣᠳᠣᠯᠲᠠ ᠶᠢ | ᠨᠢᠭᠡ ᠴᠤᠭᠴᠠᠵᠢᠭᠤᠯᠬᠤ︾ ᠬᠡᠷᠡᠭᠯᠡᠭᠡᠨ ᠤ ᠲᠤᠷᠰᠢᠯᠲᠠ ᠶᠢᠨ ᠬᠤᠲᠠ ᠪᠣᠯᠭᠠᠬᠤ ᠪᠠᠷ ᠲᠣᠭᠲᠠᠭᠠᠪᠠ᠃ | ᠡᠯ᠎ᠡ ᠲᠤᠷᠰᠢᠯᠲᠠ ᠶᠢᠨ ᠴᠡᠭ ᠤᠨ ᠬᠤᠲᠠ ᠨᠤᠭᠤᠳ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ ᠢᠶᠠᠨ | ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠶᠠᠮᠤᠨ᠂ | ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ | ᠵᠢᠩᠬᠢᠨᠢ ᠪᠠᠷ ᠨᠡᠷ᠎ᠡ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ | ᠶᠣᠰᠣᠭᠠᠷ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠯᠠᠪᠳᠠᠭᠤᠨ ᠪᠠᠲᠤᠲᠠᠶ ᠠᠬᠢᠭᠤᠯᠵᠤ᠂ ᠵᠣᠬᠢᠴᠠᠭᠤᠯᠬᠤ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡ ᠮᠥᠩᠭᠦ ᠵᠡᠷᠭᠡ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠤᠷᠰᠢᠯᠲᠠ ᠶᠢᠨ ᠴᠡᠭ ᠤᠨ ᠠᠵᠢᠯ ᠤᠨ ᠪᠣᠳᠠᠲᠤ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠵᠤ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠲᠦᠷᠭᠡᠳᠬᠡᠨ | ᠬᠡᠷᠡᠭᠯᠡᠬᠦ ᠬᠡᠷᠡᠭᠲᠡᠶ᠃ | ᠡᠯ᠎ᠡ ᠭᠠᠵᠠᠷ ᠤᠨ ᠮᠤᠵᠢ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠲᠤᠷᠰᠢᠯᠲᠠ ᠶᠢᠨ ᠴᠡᠭ ᠤᠨ ᠬᠤᠲᠠ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢᠶᠠᠨ | ᠨᠡᠮᠡᠭᠳᠡᠭᠦᠯᠵᠦ᠂ ᠲᠤᠷᠰᠢᠯᠲᠠ ᠶᠢᠨ ᠴᠡᠭ ᠤᠨ ᠠᠵᠢᠯ ᠢ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢᠨ ᠲᠤᠬᠠᠢ | ᠠᠰᠠᠭᠤᠵᠤ ᠯᠠᠪᠯᠠᠬᠤ ᠪᠠᠨ ᠴᠢᠩᠭᠠᠳᠬᠠᠵᠤ᠂ ᠠᠵᠢᠯ ᠤᠨ ᠠᠬᠢᠴᠠ᠂ ᠲᠤᠷᠰᠢᠯᠭ᠎ᠠ ᠶᠢᠨ ᠠᠷᠭ᠎ᠠ ᠪᠠᠷᠢᠯ ᠪᠣᠯᠤᠨ | ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠳ᠋ᠦᠩᠨᠡᠵᠦ᠂ ᠵᠢᠯ ᠪᠦᠷᠢ ᠶᠢᠨ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ | ᠬᠠᠮᠠᠭᠠᠯᠠᠬᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ ᠪᠠᠶᠢᠳᠠᠯ ᠢᠶᠠᠨ ᠮᠡᠳᠡᠭᠦᠯᠬᠦ | ᠬᠡᠷᠡᠭᠲᠡᠶ᠃ | ᠬᠠᠷᠢᠯᠴᠠᠬᠤ ᠬᠥᠮᠦᠨ ᠪᠤᠯᠤᠨ ᠤᠳᠠᠰᠤ᠄ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠲᠠ ᠶᠢᠨ ᠶᠠᠮᠤᠨ ᠤ ᠲᠣᠨᠣᠭᠯᠠᠯ ᠤᠨ ᠠᠵᠤ ᠦᠢᠯᠡᠳᠪᠦᠷᠢ ᠶᠢᠨ | ᠨᠢᠭᠡᠳᠦᠭᠡᠷ ᠵᠤᠷᠭᠠᠨ | 010 — 68205629 | ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ | 010 — 66263958 | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠭᠠᠵᠠᠷ ᠵᠦᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ | ᠵᠤᠷᠭᠠᠨ | 010 — 66557033 | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ ᠤ ᠬᠤᠲᠠ ᠶᠢᠨ | ᠪᠦᠲᠦᠭᠡᠨ ᠪᠠᠶᠢᠭᠤᠯᠤᠯᠳᠠ ᠶᠢᠨ ᠵᠤᠷᠭᠠᠨ | 010 — 58933961 | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨᠵᠢᠯᠡᠭᠡ ᠮᠡᠷᠭᠡᠵᠢᠯ ᠤᠨ ᠵᠤᠷᠭᠠᠨ | 010 — 65292812 | | ᠢᠷᠡᠯᠳᠡ᠄ ᠳᠤᠮᠲᠠᠲᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠤᠨᠢᠨ᠂ ᠠᠵᠤ ᠦᠢᠯᠡᠳᠪᠦᠷᠢ ᠪᠤᠯᠤᠨ ᠮᠡᠲᠡᠭᠡ | ᠵᠠᠩᠭᠢᠵᠢᠯᠲᠠ ᠶᠢᠨ ᠶᠠᠮᠤᠨ ᠤ ᠰᠦᠯᠵᠢᠶ᠎ᠡ |