ᠮᠡᠳᠡᠭᠡᠯᠡᠯ ᠢ ᠦᠨᠳᠦᠰᠦᠯᠡᠪᠡᠯ᠂ ᠵᠢᠶᠠᠩᠰᠦ ᠮᠣᠵᠢ ᠶᠢᠨ ᠢ ᠰᠢᠩ ᠬᠤᠲᠠ ᠨᠢ ︽ᠬᠤᠲᠠ ᠶᠢᠨ | ᠬᠠᠮᠢᠶᠠᠷᠤᠯᠲᠠ ᠶᠢᠨ ᠭᠤᠸ᠎ᠠ ᠵᠦᠢ︾ ᠭᠡᠬᠦ ᠭᠤᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠵᠢᠯ ᠪᠦᠷᠢ ︽ᠨᠢᠭᠡ ᠤᠳᠠᠭᠠᠨ ᠤ ᠬᠤᠲᠠ ᠶᠢᠨ ᠦᠵᠡᠮᠵᠢ ᠶᠢᠨ ᠲᠥᠷᠥᠯ ᠤᠨ | ᠭᠡᠷᠡᠯ ᠵᠢᠷᠤᠭ ᠤᠨ ᠤᠷᠤᠯᠳᠤᠭᠠᠨ ᠡᠷᠬᠢᠯᠡᠵᠦ᠂ ᠬᠤᠲᠠ ᠶᠢᠨ ᠠᠷᠠᠳ ᠲᠤ ᠳᠥᠭᠦᠮ ᠦᠵᠡᠭᠦᠯᠬᠦ ᠲᠥᠬᠦᠭᠡᠷᠦᠮᠵᠢ ᠶᠢᠨ | ᠣᠯᠠᠨ ᠨᠡᠶᠢᠳᠡ ᠶᠢᠨ ᠣᠷᠣᠨ ᠪᠦᠰᠡ ᠶᠢ ᠰᠢᠯᠭᠠᠷᠠᠭᠤᠯᠬᠤ︾ ᠠᠵᠢᠯᠯᠠᠭ᠎ᠠ ᠶᠢ ᠦᠷᠨᠢᠭᠦᠯᠦᠨ᠎ᠡ ᠭᠡᠵᠦ ᠳᠤᠷᠠᠳᠪᠠ᠃ | ᠭᠤᠸ᠎ᠠ ᠵᠦᠢ ᠨᠢ ᠭᠤᠸ᠎ᠠ ᠰᠠᠶᠢᠬᠠᠨ ᠢ ᠰᠤᠳᠤᠯᠬᠤ᠂ ᠭᠤᠸ᠎ᠠ ᠰᠠᠶᠢᠬᠠᠨ ᠢ ᠪᠦᠳᠦᠭᠡᠬᠦ ᠪᠠ ᠭᠤᠸ᠎ᠠ | ᠰᠠᠶᠢᠬᠠᠨ ᠢ ᠰᠣᠨᠢᠷᠬᠠᠬᠤ ᠰᠢᠨᠵᠢᠯᠡᠬᠦ ᠤᠬᠠᠭᠠᠨ ᠤ ᠰᠠᠯᠠᠭ᠎ᠠ ᠪᠣᠯᠤᠭᠰᠠᠨ ᠤ ᠬᠤᠪᠢ ᠳᠤ᠂ ᠲᠡᠭᠦᠨ ᠤ ᠭᠤᠣᠯᠯᠠᠭᠴᠢ | ᠣᠢᠯᠠᠭᠠᠭᠳᠠᠬᠤᠨ ᠨᠢ ᠡᠶ᠎ᠡ ᠵᠣᠬᠢᠴᠠᠯ᠂ ᠲᠡᠩᠴᠡᠭᠦᠷᠢ ᠪᠠ ᠭᠤᠸ᠎ᠠ ᠰᠠᠶᠢᠬᠠᠨ ᠢ ᠬᠦᠭᠡᠭᠡᠴᠡᠯᠳᠦᠬᠦ ᠳᠤ ᠪᠠᠶᠢᠨ᠎ᠠ᠃ | ᠭᠤᠸ᠎ᠠ ᠵᠦᠢ ᠶᠢᠨ ᠣᠶᠢᠯᠠᠭᠠᠭᠳᠠᠬᠤᠨ ᠢ ᠬᠤᠳᠠ ᠶᠢᠨ ᠬᠠᠮᠢᠶᠠᠷᠤᠯᠲᠠ ᠳᠤ ᠠᠭᠤᠰᠤᠯᠴᠠᠭᠤᠯᠵᠤ᠂ ᠬᠤᠳᠠ ᠶᠢᠨ | ᠣᠷᠣᠨ ᠪᠦᠰᠡ ᠶᠢᠨ ᠪᠦᠬᠦᠯᠢ ᠴᠣᠭᠴᠠ ᠶᠢᠨ ᠭᠤᠸ᠎ᠠ ᠰᠠᠶᠢᠬᠠᠨ ᠤ ᠲᠦᠷᠦᠭᠳᠡᠯ ᠢ ᠳᠡᠭᠡᠭᠰᠢᠯᠡᠭᠦᠯᠵᠦ ᠴᠢᠳᠠᠬᠤ ᠪᠠᠷ | ᠪᠠᠷᠠᠬᠤ ᠦᠭᠡᠢ ᠪᠠᠰᠠ ᠬᠤᠳᠠ ᠶᠢᠨ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠳᠠ ᠶᠢᠨ | ᠠᠷᠠᠳ ᠤᠨ ᠡᠵᠡᠨ ᠬᠦᠮᠦᠨ ᠤ ᠰᠡᠳᠬᠢᠯᠭᠡ ᠪᠣᠯᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠵᠦ ᠴᠢᠳᠠᠨ᠎ᠠ᠃ | ᠬᠤᠲᠠᠴᠢᠯᠠᠬᠤ ᠠᠬᠢᠴᠠ ᠶᠢᠨ ᠲᠦᠷᠭᠡᠳᠬᠦ ᠪᠠ ᠬᠥᠮᠦᠰ ᠤᠨ ᠭᠤᠸ᠎ᠠ ᠰᠠᠶᠢᠬᠠᠨ ᠤ ᠦᠵᠡᠯ ᠤᠬᠠᠮᠰᠠᠷ ᠤᠨ | ᠲᠡᠭᠡᠭᠰᠢᠯᠡᠯᠳᠡ ᠶᠢ ᠳᠠᠭᠠᠯᠳᠤᠨ᠂ ᠬᠤᠲᠠ ᠶᠢᠨ ᠬᠠᠮᠢᠶᠠᠷᠤᠯᠲᠠ ᠨᠢ ᠰᠠᠭᠤᠷᠢ ᠪᠡᠯᠡᠳᠭᠡᠮᠵᠢ ᠶᠢᠨ ᠬᠠᠮᠠᠭᠠᠯᠠᠯᠲᠠ ᠪᠠ | ᠣᠯᠠᠨ ᠨᠡᠶᠢᠳᠡ ᠶᠢᠨ ᠦᠢᠯᠡᠴᠢᠯᠡᠭᠡᠨ ᠤ ᠲᠡᠭᠡᠭᠰᠢᠯᠡᠯᠳᠡ ᠪᠠᠷ ᠦᠯᠦ ᠪᠠᠷᠠᠮ᠂ ᠭᠤᠸ᠎ᠠ ᠵᠦᠢ ᠶᠢᠨ ᠠᠷᠭ᠎ᠠ ᠪᠠᠷᠢᠯ ᠢᠶᠠᠷ | ᠳᠠᠮᠵᠢᠭᠤᠯᠤᠨ ᠤᠷᠤᠰᠢᠨ ᠰᠠᠭᠤᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠵᠢᠭᠤᠯᠴᠢᠯᠠᠬᠤ ᠳᠤ | ᠲᠣᠬᠢᠷᠠᠮᠵᠢᠲᠠᠢ ᠬᠤᠲᠠ ᠶᠢᠨ ᠣᠷᠴᠢᠨ ᠲᠣᠭᠤᠷᠢᠨ ᠢ ᠪᠣᠢ ᠪᠣᠯᠭᠠᠬᠤ ᠶᠢ ᠨᠡᠩ ᠢᠯᠡᠭᠦᠦ ᠴᠢᠬᠤᠯᠠᠴᠢᠯᠠᠪᠠ᠃ ᠭᠤᠸ᠎ᠠ | ᠵᠦᠢ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠤᠳᠠ ᠶᠢᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ | ᠠᠬᠢᠭᠤᠯᠬᠤ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠪᠣᠯᠪᠠ᠃ | ᠣᠶᠢᠷ᠎ᠠ ᠶᠢᠨ ᠵᠢᠯ ᠳᠤ᠂ ᠮᠠᠰᠢ ᠣᠯᠠᠨ ᠬᠤᠲᠠ ᠭᠤᠸ᠎ᠠ ᠵᠦᠢ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠬᠦ | ᠲᠠᠯ᠎ᠠ ᠪᠠᠷ ᠢᠳᠡᠪᠬᠢᠲᠡᠢ ᠰᠦᠪᠡᠭᠴᠢᠯᠡᠯᠲᠡ ᠪᠠ ᠦᠢᠯᠡᠳᠦᠯᠭᠡ ᠬᠢᠵᠡᠢ᠃ ᠨᠢᠭᠡ ᠲᠠᠯ᠎ᠠ ᠪᠠᠷ᠂ ᠬᠤᠲᠠ ᠶᠢᠨ | ᠲᠥᠯᠥᠪᠵᠢᠭᠦᠯᠭᠡ ᠪᠠ ᠵᠢᠷᠤᠭ ᠲᠥᠯᠥᠪᠯᠡᠭᠡ ᠪᠠᠷ ᠳᠠᠮᠵᠢᠭᠤᠯᠤᠨ᠂ ᠭᠤᠸ᠎ᠠ ᠰᠠᠶᠢᠬᠠᠨ ᠤ ᠡᠯᠧᠮᠧᠨ᠋ᠲ ᠢ ᠬᠤᠲᠠ ᠶᠢᠨ | ᠣᠷᠣᠨ ᠪᠦᠰᠡ ᠶᠢᠨ ᠪᠠᠶᠢᠷᠢᠰᠢᠭᠤᠯᠤᠯᠲᠠ᠂ ᠪᠠᠷᠢᠯᠭ᠎ᠠ ᠶᠢᠨ ᠳᠦᠷᠰᠦ ᠪᠠᠶᠢᠳᠠᠯ᠂ ᠭᠤᠶᠤ ᠦᠵᠡᠮᠵᠢ ᠶᠢ ᠪᠣᠶ | ᠪᠣᠯᠭᠠᠬᠤ ᠵᠡᠷᠭᠡ ᠡᠯ᠎ᠡ ᠲᠠᠯ᠎ᠠ ᠳᠤ ᠠᠭᠤᠰᠤᠯᠴᠠᠭᠤᠯᠵᠤ᠂ ᠥᠪᠡᠷᠮᠢᠴᠡ ᠲᠠᠲᠠᠬᠤ ᠬᠦᠴᠦᠨ ᠲᠠᠢ ᠬᠤᠲᠠ ᠶᠢᠨ ᠳᠦᠷᠢ | ᠲᠥᠷᠬᠦ ᠶᠢ ᠪᠣᠶ ᠪᠣᠯᠭᠠᠪᠠ᠃ ᠵᠢᠱᠢᠶᠡᠯᠡᠪᠡᠯ᠂ ᠪᠡᠭᠡᠵᠢᠩ ᠬᠤᠲᠠ ᠬᠠᠭᠤᠴᠢᠨ ᠬᠤᠲᠠ ᠶᠢ ᠬᠠᠮᠠᠭᠠᠯᠠᠬᠤ ᠳᠤᠮᠳᠠ | ᠲᠡᠦᠬᠡ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠡᠷᠲᠡᠨ ᠤ ᠪᠠᠷᠢᠯᠭ᠎ᠠ ᠶᠢ ᠰᠡᠯᠪᠢᠨ | ᠵᠠᠰᠠᠬᠤ᠂ ᠤᠯᠠᠮᠵᠢᠯᠠᠯᠲᠤ ᠵᠡᠭᠡᠯᠢ ᠭᠤᠳᠤᠮᠵᠢ ᠶᠢᠨ ᠪᠠᠶᠢᠷᠢᠰᠢᠯ ᠢ ᠰᠡᠷᠭᠦᠭᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠷᠲᠡᠨ ᠤ ᠨᠡᠶᠢᠰᠯᠡᠯ ᠤᠨ ᠴᠤᠭ ᠵᠢᠪᠬᠤᠭ᠎ᠠ ᠶᠢ ᠢᠯᠡᠷᠡᠭᠦᠯᠪᠡ︔ ᠬᠠᠩᠵᠧᠦ ᠬᠤᠲᠠ᠂ ᠰᠢ ᠬᠤ᠋ ᠶᠢᠨ | ᠬᠠᠮᠠᠭᠠᠯᠠᠯᠳᠠ ᠪᠠ ᠲᠡᠭᠡᠭᠰᠢᠯᠡᠭᠦᠯᠦᠯᠳᠡ᠂ ᠬᠤᠲᠠ ᠶᠢᠨ ᠨᠤᠭᠤᠭᠠᠷᠠᠭᠤᠯᠤᠯᠳᠠ ᠶᠢᠨ ᠪᠥᠲᠥᠭᠡᠨ ᠪᠠᠶᠢᠭᠤᠯᠤᠯᠳᠠ | ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠪᠠᠶᠢᠭᠠᠯᠢ ᠬᠢᠭᠡᠳ ᠬᠥᠮᠦᠨ ᠨᠡᠶᠢᠭᠡᠮ ᠤᠨ ᠡᠶ᠎ᠡ ᠵᠣᠬᠢᠴᠠᠯ ᠲᠠᠢ | ᠬᠠᠮᠲᠤ ᠪᠠᠷ ᠣᠷᠣᠰᠢᠬᠤ ᠶᠢ ᠪᠡᠶᠡᠯᠡᠭᠦᠯᠪᠡ᠃ ᠨᠥᠭᠦᠭᠡ ᠲᠠᠯ᠎ᠠ ᠪᠠᠷ᠂ ᠬᠤᠲᠠ ᠶᠢᠨ ᠬᠠᠮᠢᠶᠠᠷᠤᠭᠴᠢ ᠣᠯᠠᠨ | ᠨᠡᠶᠢᠲᠡ ᠶᠢᠨ ᠤᠷᠠᠯᠢᠭ᠂ ᠰᠣᠶᠣᠯ ᠤᠨ ᠠᠵᠢᠯᠯᠠᠭ᠎ᠠ ᠵᠡᠷᠭᠡ ᠬᠡᠯᠪᠡᠷᠢ ᠪᠠᠷ ᠬᠤᠲᠠ ᠶᠢᠨ ᠰᠣᠶᠣᠯ ᠤᠨ ᠴᠢᠨᠠᠷ ᠳᠡᠰ ᠪᠠ | ᠤᠷᠠᠯᠢᠭ ᠤᠨ ᠠᠭᠤᠷ ᠠᠮᠢᠰᠬᠤᠯ ᠢ ᠳᠡᠭᠡᠭᠰᠢᠯᠡᠭᠦᠯᠵᠡᠶ᠃ ᠵᠢᠱᠢᠶᠡᠯᠡᠪᠡᠯ ᠬᠤᠲᠠ ᠶᠢᠨ ᠴᠡᠴᠡᠷᠯᠢᠭ᠂ ᠠᠭᠤᠳᠠᠮ ᠲᠠᠯᠠᠪᠠᠢ | ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠱᠤᠭᠤᠮᠠᠯ᠂ ᠬᠠᠨ᠎ᠠ ᠶᠢᠨ ᠵᠢᠷᠤᠭ ᠵᠡᠷᠭᠡ ᠤᠷᠠᠯᠢᠭ ᠤᠨ ᠪᠦᠲᠦᠭᠡᠯ | ᠭᠠᠷᠭᠠᠵᠤ᠂ ᠬᠤᠲᠠ ᠶᠢᠨ ᠠᠷᠠᠳ ᠤᠨ ᠵᠤᠭ᠎ᠠ ᠴᠡᠩᠭᠡᠯ ᠪᠠ ᠤᠷᠠᠯᠢᠭ ᠤᠨ ᠬᠦᠴᠦᠨ ᠢ ᠨᠡᠮᠡᠭᠳᠡᠭᠦᠯᠵᠦ᠂ ᠬᠤᠳᠠ ᠶᠢᠨ | ᠨᠦᠯᠦᠭᠡᠯᠡᠬᠦ ᠬᠦᠴᠦᠨ ᠪᠠ ᠲᠠᠳᠠᠬᠤ ᠬᠦᠴᠦᠨ ᠢ ᠨᠡᠮᠡᠭᠳᠡᠭᠦᠯᠵᠡᠢ᠃ | ᠣᠳᠣᠬᠠᠨ ᠳᠤ᠂ ᠬᠤᠲᠠ ᠶᠢᠨ ᠬᠠᠮᠢᠶᠠᠷᠤᠯᠲᠠ ᠳᠤᠮᠳᠠᠬᠢ ᠭᠤᠸ᠎ᠠ ᠰᠠᠶᠢᠬᠠᠨ ᠤ ᠬᠡᠷᠡᠭᠯᠡᠯᠲᠡ ᠳᠤ ᠮᠥᠨ ᠬᠦ | ᠮᠠᠰᠢ ᠣᠯᠠᠨ ᠥᠷᠢᠰᠥᠯᠳᠦᠭᠡᠨ ᠲᠤᠯᠭᠠᠷᠠᠵᠤ ᠪᠠᠶᠢᠨ᠎ᠠ᠄ ᠨᠢᠭᠡ ᠳᠤ᠂ ᠬᠤᠲᠠ ᠶᠢᠨ ᠲᠡᠦᠬᠡ ᠰᠣᠶᠣᠯ ᠤᠨ ᠥᠪ ᠢ | ᠬᠡᠷᠬᠢᠨ ᠬᠠᠮᠠᠭᠠᠯᠠᠬᠤ ᠶᠢᠨ ᠬᠠᠮᠲᠤ᠂ ᠣᠲᠣ ᠦᠶ᠎ᠡ ᠶᠢᠨ ᠠᠮᠢᠳᠤᠷᠠᠯ ᠲᠠᠢ ᠣᠷᠭᠠᠨᠢᠭ ᠢᠶᠠᠷ ᠤᠶᠠᠯᠳᠤᠭᠤᠯᠬᠤ ᠶᠢ | ᠪᠡᠶᠡᠯᠡᠭᠦᠯᠬᠦ︔ ᠬᠤᠶᠠᠷ ᠲᠤ᠂ ᠬᠡᠲᠦᠷᠬᠡᠢ ᠬᠤᠳᠠᠯᠳᠤᠭᠠᠴᠢᠯᠠᠬᠤ ᠪᠠ ᠢᠵᠢᠯᠢᠰᠢᠭᠦᠯᠬᠦ ᠠᠴᠠ ᠬᠡᠷᠬᠢᠨ ᠵᠠᠶᠢᠯᠠᠰᠬᠢᠵᠦ᠂ | ᠬᠤᠲᠠ ᠶᠢᠨ ᠥᠪᠡᠷᠮᠢᠴᠡ ᠴᠢᠨᠠᠷ ᠪᠠ ᠣᠯᠠᠨ ᠶᠠᠩᠵᠤᠲᠤ ᠴᠢᠨᠠᠷ ᠢ ᠪᠠᠲᠤᠯᠠᠬᠤ︔ ᠭᠤᠷᠪᠠ ᠳᠤ᠂ ᠬᠤᠲᠠ ᠶᠢᠨ | ᠠᠷᠠᠳ ᠤᠨ ᠭᠤᠸ᠎ᠠ ᠰᠠᠶᠢᠬᠠᠨ ᠤ ᠬᠡᠪ ᠪᠣᠯᠪᠠᠰᠤᠷᠠᠯ ᠪᠠ ᠪᠠᠶᠠᠴᠢᠯᠡᠨ ᠣᠷᠣᠯᠴᠠᠬᠤ ᠤᠬᠠᠮᠰᠠᠷ ᠢ ᠬᠡᠷᠬᠢᠨ | ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠬᠤᠲᠠ ᠶᠢᠨ ᠭᠤᠸ᠎ᠠ ᠰᠠᠶᠢᠬᠠᠨ ᠤ ᠪᠠᠶᠢᠭᠤᠯᠤᠯᠲᠠ ᠳᠤ ᠬᠠᠮᠲᠤ ᠪᠠᠷ | ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠠᠰᠠᠭᠤᠳᠠᠯ ᠤᠷᠤᠰᠢᠵᠦ ᠪᠠᠶᠢᠨ᠎ᠠ᠃ | ᠢᠷᠡᠭᠡᠳᠦᠢ ᠳᠤ᠂ ᠭᠤᠸ᠎ᠠ ᠵᠦᠢ ᠨᠢ ᠬᠤᠲᠠ ᠶᠢᠨ ᠬᠠᠮᠢᠶᠠᠷᠤᠯᠲᠠ ᠳᠤ ᠨᠠᠩ ᠴᠢᠬᠤᠯᠠ ᠦᠢᠯᠡᠳᠦᠯ ᠦᠵᠡᠭᠦᠯᠵᠦ᠂ | ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠦᠴᠦᠨ ᠢᠶᠠᠨ | ᠨᠡᠮᠡᠷᠢᠯᠡᠬᠦ ᠪᠤᠯᠤᠨ᠎ᠠ᠃ |