ᠲᠦᠷᠦᠭᠦᠬᠡᠨ᠂ ᠤᠯᠤᠰ ᠠᠴᠠ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ | ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠵᠦ᠂ ᠬᠡᠷᠡᠭᠯᠡᠭᠡᠨ ᠤ ᠵᠦᠢᠯ ᠢ ᠬᠠᠭᠤᠴᠢᠨ ᠢᠶᠠᠷ | ᠰᠢᠨ᠎ᠡ ᠶᠢ ᠰᠣᠯᠢᠬᠤ ᠬᠡᠪᠴᠢᠶ᠎ᠡ ᠪᠠ ᠲᠥᠷᠥᠯ ᠵᠦᠢᠯ ᠢ ᠥᠷᠭᠡᠳᠬᠡᠭᠰᠡᠨ ᠢᠶᠠᠷ ᠪᠠᠷᠠᠬᠤ ᠥᠬᠡᠶ ᠪᠠᠰᠠ ᠨᠥᠬᠦᠪᠥᠷᠢ | ᠥᠭᠬᠦ ᠡᠷᠴᠢᠮ ᠢᠶᠠᠨ ᠴᠢᠩᠭᠠᠷᠠᠭᠤᠯᠵᠠᠢ᠃ ᠪᠣᠳᠠᠲᠠᠢ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠤᠢ︖ | ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ ᠶᠢ ᠴᠢᠩᠭᠠᠷᠠᠭᠤᠯᠵᠤ ᠨᠡᠩ ᠤᠯᠠᠨ ᠪᠡᠯᠡ ᠮᠦᠩᠬᠦ | ᠵᠠᠷᠤᠴᠠᠭᠤᠯᠵᠤ ᠪᠠᠶᠢᠭᠠᠳ ᠬᠡᠷᠡᠭᠯᠡᠭᠴᠢᠳ ᠲᠤ ᠠᠰᠢᠭ ᠬᠦᠷᠳᠡᠭᠡᠨ᠎ᠡ | ᠰᠢᠨ᠎ᠡ ᠨᠢᠭᠡᠨ ᠡᠭᠡᠯᠵᠢ ᠶᠢᠨ ᠬᠠᠭᠤᠴᠢᠨ ᠢᠶᠠᠷ ᠰᠢᠨ᠎ᠡ ᠶᠢ ᠰᠤᠯᠢᠬᠤ ᠲᠥᠷᠥ ᠶᠢᠨ ᠪᠣᠳᠣᠯᠭ᠎ᠠ ᠶᠢ ᠬᠦᠴᠦᠯᠡᠨ | ᠲᠡᠮᠵᠢᠬᠦ ᠳᠤ ᠭᠤᠷᠪᠠᠨ ᠲᠠᠯ᠎ᠠ ᠪᠠᠷ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠡᠩ ᠲᠡᠷᠢᠭᠦᠨ ᠳᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠦᠢᠯᠡᠳᠭᠦᠨ ᠤ ᠬᠡᠪᠴᠢᠶ᠎ᠡ ᠶᠢ ᠢᠯᠡᠳᠲᠡ ᠦᠷᠭᠡᠳᠭᠡᠪᠡ᠂ ᠤᠤᠯ ᠤᠨ ᠬᠡᠷ ᠤᠨ | ᠴᠠᠬᠢᠯᠭᠠᠨ ᠬᠡᠷᠡᠭᠰᠡᠯ ᠪᠠ ᠮᠠᠰᠢᠨ ᠲᠡᠷᠭᠡ ᠪᠠᠶᠢᠭᠰᠠᠨ ᠠᠴᠠ ᠪᠠᠨ ᠲᠣᠭᠤᠭᠠᠨ ᠬᠡᠷ ᠤᠨ ᠬᠡᠷᠡᠭᠰᠡᠯ ᠢ ᠲᠠᠰ ᠳᠡᠪᠰᠢᠭᠦᠯᠦᠨ | ᠥᠭᠡᠷᠡᠴᠢᠯᠡᠬᠦ᠂ ᠬᠡᠷ ᠪᠦᠯᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠵᠡᠷᠭᠡ ᠠᠳᠠᠯᠢ ᠪᠤᠰᠤ ᠬᠦᠷᠢᠶ᠎ᠡ | ᠴᠠᠷᠠᠭ᠎ᠠ ᠳᠤ ᠬᠦᠷᠲᠡᠯ᠎ᠡ ᠥᠷᠭᠡᠳᠬᠡᠪᠡ᠃ ᠰᠢᠲᠠᠮᠠᠬᠠᠶ ᠬᠡᠢ ᠶᠢᠨ ᠵᠤᠤᠬ᠎ᠠ᠂ ᠤᠲᠤᠭ᠎ᠠ ᠰᠤᠷᠤᠬᠤ ᠮᠠᠰᠢᠨ ᠵᠡᠷᠭᠡ | ᠦᠢᠯᠡᠳᠬᠦᠨ ᠢ ᠡᠨᠡ ᠤᠳᠠᠭᠠᠨ ᠤ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠵᠤ᠂ ᠬᠡᠷᠡᠭᠯᠡᠭᠴᠢᠳ ᠤᠨ ᠣᠯᠠᠨ | ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠳᠤ ᠨᠡᠩ ᠰᠠᠶᠢᠲᠤᠷ ᠵᠤᠬᠢᠴᠠᠭᠤᠯᠪᠠ᠃ | ᠳᠠᠷᠠᠭᠠᠯᠠᠪᠠᠯ᠂ ᠡᠨᠡ ᠤᠳᠠᠭᠠᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠨᠢ | ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠶᠡᠭᠡ ᠬᠡᠮᠵᠢᠶ᠎ᠡ ᠪᠠᠷ ᠰᠢᠯᠢᠳᠡᠭᠵᠢᠭᠦᠯᠪᠡ᠃ ᠬᠡᠷᠡᠭᠯᠡᠭᠡᠨ ᠤ ᠵᠦᠢᠯᠡᠰ ᠢ | ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠣᠷᠣᠨ ᠨᠤᠲᠤᠭ ᠲᠤ ᠰᠢᠭᠤᠳ 1500 ᠳ᠋ᠦᠩᠰᠢᠭᠤᠷ | ᠲᠥᠭᠦᠷᠢᠭ ᠣᠷᠴᠢᠮ ᠤᠨ ᠤᠷᠲᠤ ᠬᠤᠭᠤᠴᠠᠭᠠᠨ ᠤ ᠤᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ | ᠲᠣᠬᠢᠷᠠᠭᠤᠯᠵᠤ᠂ ᠣᠷᠣᠨ ᠨᠤᠲᠤᠭ ᠤᠨ ᠥᠪᠡᠷ ᠢᠶᠠᠨ ᠡᠵᠡᠨ ᠮᠡᠳᠡᠵᠦ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠲᠡᠮᠵᠢᠪᠡ᠃ | ᠡᠭᠦᠠ ᠠᠴᠠ ᠭᠠᠲᠠᠨ᠎ᠠ᠂ ᠡᠨᠠ ᠣᠲᠠᠭᠠᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠳᠦᠷᠤ ᠶᠢᠨ ᠪᠤᠲᠣᠯᠭ᠎ᠠ | ᠨᠢ ᠨᠦᠭᠦᠪᠤᠷᠢ ᠣᠯᠭᠤᠬᠤ ᠡᠷᠴᠢᠮ ᠢ ᠮᠡᠳᠡᠭᠳᠡᠬᠦᠶᠢᠴᠡ ᠲᠡᠭᠡᠭᠰᠢᠯᠡᠭᠦᠯᠵᠡᠢ᠃ ᠵᠢᠱᠢᠶᠡᠯᠡᠪᠡᠯ᠂ ᠬᠡᠷ ᠤᠨ ᠴᠠᠬᠢᠯᠭᠠᠨ | ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠬᠡᠷᠡᠭᠯᠡᠭᠴᠢᠳ ᠬᠤᠶᠠᠳᠤᠭᠠᠷ ᠲᠠᠰ ᠠᠴᠠ | ᠳᠡᠭᠡᠭᠰᠢᠬᠢ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠶᠢᠨ ᠬᠦᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ | ᠲᠧᠯᠸᠢᠰ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠤᠰᠤᠨ ᠬᠠᠯᠠᠭᠠᠭᠤᠷ᠂ ᠬᠡᠷ ᠤᠨ ᠬᠡᠷᠡᠭᠯᠡᠭᠡᠨ ᠤ ᠵᠤᠤᠬ᠎ᠠ᠂ | ᠤᠲᠤᠭ᠎ᠠ ᠰᠣᠷᠣᠬᠤ ᠮᠠᠰᠢᠨ ᠵᠡᠷᠭᠡ 8 ᠲᠥᠷᠥᠯ ᠤᠨ ᠦᠢᠯᠡᠳᠬᠦᠨ ᠬᠤᠳᠠᠯᠳᠤᠨ ᠠᠪᠬᠤ ᠳᠤ ᠦᠢᠯᠡᠳᠬᠦᠨ ᠤ | ᠪᠣᠷᠣᠯᠠᠭᠤᠯᠭ᠎ᠠ ᠶᠢᠨ ᠦᠨ᠎ᠡ ᠶᠢᠨ 15% ᠶᠢᠨ ᠨᠥᠬᠦᠪᠥᠷᠢ ᠣᠯᠭᠤᠵᠤ᠂ ᠨᠢᠭᠡᠳᠦᠭᠡᠷ ᠳᠡᠰ ᠤᠨ ᠡᠨᠧᠷᠭᠢ ᠶᠢᠨ | ᠠᠰᠢᠭᠯᠠᠮᠵᠢ ᠶᠢᠨ ᠪᠠᠷᠢᠮᠵᠢᠶᠠᠲᠤ ᠦᠢᠯᠡᠳᠬᠦᠨ ᠬᠤᠳᠠᠯᠳᠤᠨ ᠠᠪᠬᠤ ᠳᠤ ᠦᠢᠯᠡᠳᠬᠦᠨ ᠤ ᠪᠣᠷᠣᠯᠠᠭᠤᠯᠭ᠎ᠠ ᠶᠢᠨ | ᠦᠨ᠎ᠡ ᠶᠢᠨ 20% ᠶᠢᠨ ᠨᠥᠬᠦᠪᠥᠷᠢ ᠣᠯᠭᠤᠨ᠎ᠠ᠃ | ᠱᠠᠩᠬᠠᠢ ᠬᠤᠳᠠ ᠨᠠᠰᠤᠵᠢᠯᠳᠠ ᠳᠤ ᠲᠣᠬᠢᠷᠠᠬᠤ ᠥᠭᠡᠷᠡᠴᠢᠯᠡᠯᠲᠡ ᠳᠤ ᠴᠢᠭᠯᠡᠭᠦᠯᠦᠨ ︽ᠲᠤᠰᠬᠠᠢ | ᠦᠢᠯᠡᠴᠢᠯᠡᠭᠡ︾ ᠬᠠᠩᠭᠠᠪᠠ | ᠡᠨᠡ ᠤᠳᠠᠭᠠᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ ᠳᠤ ᠣᠨᠴᠠᠭᠠᠶᠢᠯᠠᠨ | ᠳᠤᠷᠠᠳᠤᠭᠰᠠᠨ ᠨᠢ᠂ ᠡᠯ᠎ᠡ ᠭᠠᠵᠠᠷ ᠣᠷᠣᠨ ᠤ ᠬᠠᠭᠤᠴᠢᠨ ᠭᠡᠷ ᠪᠠᠶᠢᠰᠢᠩ ᠢ ᠴᠢᠮᠡᠭᠯᠡᠬᠦ᠂ ᠲᠣᠭᠤᠭᠠᠨ ᠭᠡᠷ᠂ ᠡᠷᠡᠭᠦᠯ | ᠬᠠᠮᠠᠭᠠᠯᠠᠯ ᠤᠨ ᠲᠠᠰᠤᠯᠭ᠎ᠠ ᠵᠡᠷᠭᠡ ᠶᠢ ᠬᠡᠰᠡᠭ ᠲᠠᠯ᠎ᠠ ᠪᠠᠷ ᠥᠭᠡᠷᠡᠴᠢᠯᠡᠬᠦ᠂ ᠭᠡᠷ ᠲᠡᠭᠡᠨ ᠰᠠᠭᠤᠬᠤ ᠨᠠᠰᠤᠵᠢᠯᠳᠠ ᠳᠤ | ᠲᠣᠬᠢᠷᠠᠬᠤ ᠥᠭᠡᠷᠡᠴᠢᠯᠡᠯᠲᠡ ᠶᠢᠨ ᠬᠡᠷᠡᠭᠯᠡᠭᠡᠨ ᠤ ᠡᠳ᠋ ᠪᠣᠳᠠᠰ ᠪᠠ ᠮᠠᠲ᠋ᠧᠷᠢᠶᠠᠯ ᠬᠤᠳᠠᠯᠳᠤᠨ ᠠᠪᠬᠤ ᠶᠢ ᠭᠤᠣᠯᠳᠠᠯᠭ᠎ᠠ | ᠲᠠᠢ ᠳᠡᠮᠵᠢᠵᠦ᠂ ᠣᠶᠤᠨᠴᠢ ᠭᠡᠷ ᠤᠨ ᠬᠡᠷᠡᠭᠰᠡᠯ ᠤᠨ ᠬᠡᠷᠡᠭᠯᠡᠭᠡ ᠵᠡᠷᠭᠡ ᠶᠢ ᠠᠬᠢᠭᠤᠯᠤᠨ᠎ᠠ ᠭᠡᠵᠡᠢ᠃ | ᠣᠳᠣᠬᠠᠨ ᠳᠤ᠂ ᠱᠠᠩᠬᠠᠶ ᠠᠴᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠ ᠵᠠᠰᠠᠭ ᠤᠨ ᠣᠷᠳᠣᠨ ᠠᠴᠠ | ᠨᠥᠬᠦᠪᠥᠷᠢ ᠥᠭᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠬᠤᠲᠠ ᠳᠤ ᠨᠠᠰᠤᠵᠢᠯᠳᠠ ᠳᠤ | ᠳᠣᠭᠢᠷᠠᠬᠤ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠬᠡᠷ ᠲᠡᠭᠡᠨ ᠰᠠᠭᠤᠬᠤ ᠨᠠᠰᠤᠵᠢᠯᠳᠠ ᠳᠤ | ᠳᠣᠭᠢᠷᠠᠬᠤ ᠥᠭᠡᠷᠡᠴᠢᠯᠡᠯᠲᠡ ᠶᠢᠨ ︽ᠦᠢᠯᠡᠳᠭᠦᠨ︾ ᠭᠠᠷᠭᠠᠵᠤ᠂ ᠨᠠᠰᠤᠲᠠᠶᠢᠴᠤᠳ ᠠᠴᠠ ᠣᠯᠠᠨ ᠵᠦᠢᠯ ᠤᠨ | ᠦᠢᠯᠡᠳᠬᠦᠨ ᠳᠤ ᠰᠤᠩᠭᠤᠯᠳᠠ ᠬᠢᠵᠦ ᠪᠣᠯᠤᠨ᠎ᠠ᠂ ᠵᠠᠰᠠᠭ ᠤᠨ ᠣᠷᠳᠣᠨ ᠠᠴᠠ ᠡᠷᠦᠬᠡ ᠪᠦᠷᠢ ᠳᠤ ᠬᠠᠮᠤᠭ ᠤᠨ | ᠥᠨᠳᠥᠷ ᠳᠡᠭᠡᠨ 3000 ᠲᠥᠭᠦᠷᠢᠭ ᠤᠨ ᠨᠥᠬᠦᠪᠥᠷᠢ ᠤᠯᠭᠤᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ | ᠥᠭᠡᠷᠡᠴᠢᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ | ᠱᠠᠩᠬᠠᠶ ᠶᠢᠨ ᠰᠢᠤᠢ ᠾᠦᠢ ᠲᠣᠭᠤᠷᠢᠭ ᠲᠤ ᠰᠠᠭᠤᠭ᠎ᠠ ᠯᠢᠦ ᠡᠪᠦᠭᠡ ᠪᠣᠯᠤᠨ ᠳ᠋ᠦᠩ ᠡᠮᠡᠭᠡ ᠴᠥᠮ 90 | ᠨᠠᠰᠤᠲᠠᠶ᠂ ᠬᠡᠷ ᠤᠨ ᠠᠷᠢᠭᠤᠨ ᠴᠡᠪᠡᠷ ᠤᠨ ᠲᠠᠰᠤᠯᠭ᠎ᠠ ᠶᠢᠨ ᠱᠠᠯᠠ ᠨᠢ ᠬᠠᠯᠳᠤᠷᠢᠭ᠎ᠠ ᠶᠡᠬᠡᠳᠡᠢ ᠮᠥᠷᠲᠡᠭᠡᠨ ᠡᠭᠦᠳᠡᠨ | ᠪᠣᠱᠤᠭ᠎ᠠ ᠨᠢ 30 ᠰᠡᠨᠲ᠋ᠢᠮᠧᠲᠷ ᠥᠨᠳᠥᠷ ᠪᠠᠶᠢᠳᠠᠭ᠃ ᠳ᠋ᠦᠩ ᠡᠮᠡᠭᠡ 2016 ᠣᠨ ᠳᠤ ᠮᠡᠰᠡ ᠵᠠᠰᠠᠯ ᠬᠢᠭᠰᠡᠨ ᠤ | ᠳᠠᠷᠠᠭ᠎ᠠ ᠡᠭᠦᠳᠡᠨ ᠪᠣᠱᠤᠭ᠎ᠠ ᠢᠶᠠᠷ ᠤᠷᠤᠵᠤ ᠭᠠᠷᠬᠤ ᠳᠤ ᠲᠦᠭᠦᠮ ᠦᠭᠡᠢ ᠪᠤᠯᠵᠠᠢ᠃ | ᠬᠤᠶᠠᠷ ᠨᠠᠰᠤᠲᠠᠨ ᠤ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠱᠠᠩᠬᠠᠶ ᠬᠤᠲᠠ ᠶᠢᠨ | ᠰᠢᠤᠢ ᠾᠦᠢ ᠲᠣᠭᠤᠷᠢᠭ ᠤᠨ ᠹᠧᠩ ᠯᠢᠨ ᠵᠡᠭᠡᠯᠢ ᠭᠤᠳᠤᠮᠵᠢ ᠶᠢᠨ ᠬᠢᠨ ᠨᠠᠰᠤᠲᠠᠨ ᠤ ᠪᠡᠶ᠎ᠡ ᠶᠢᠨ ᠪᠠᠶᠢᠳᠠᠯ᠂ ᠣᠷᠣᠨ | ᠰᠠᠭᠤᠴᠠ ᠶᠢᠨ ᠣᠷᠴᠢᠨ ᠲᠣᠭᠤᠷᠢᠨ᠂ ᠠᠮᠤᠷ ᠲᠦᠪᠰᠢᠨ ᠤ ᠬᠡᠷᠡᠭᠴᠡᠭᠡ ᠲᠠᠢ ᠤᠶᠠᠯᠳᠤᠭᠤᠯᠤᠨ᠂ 9900 | ᠲᠥᠭᠦᠷᠢᠭ ᠵᠠᠷᠤᠴᠠᠭᠤᠯᠵᠤ᠂ ᠨᠠᠰᠤᠲᠠᠨ ᠤ ᠰᠦᠷᠴᠢᠭᠦᠷ ᠤᠬᠢᠶᠠᠯᠭ᠎ᠠ ᠶᠢᠨ ᠥᠷᠥᠭᠡ ᠶᠢ ᠥᠭᠡᠷᠡᠴᠢᠯᠡᠨ ᠵᠠᠰᠠᠵᠤ᠂ | ᠵᠠᠰᠠᠭ ᠤᠨ ᠣᠷᠳᠣᠨ ᠠᠴᠠ 3000 ᠲᠥᠭᠦᠷᠢᠭ ᠤᠨ ᠨᠥᠬᠦᠪᠥᠷᠢ ᠥᠭᠴᠦ᠂ ᠨᠠᠰᠤᠲᠠᠨ ᠦᠪᠡᠷ ᠢᠶᠠᠨ 6000 | ᠲᠥᠭᠦᠷᠢᠭ ᠣᠷᠴᠢᠮ ᠵᠠᠷᠤᠴᠠᠭᠤᠯᠵᠤ᠂ ᠱᠠᠯᠠ ᠳᠤᠨᠢ ᠭᠤᠯᠭᠤᠬᠤ ᠠᠴᠠ ᠰᠡᠷᠭᠡᠶᠢᠯᠡᠬᠦ ᠱᠠᠭᠠᠵᠠᠩ ᠲᠤᠭᠤᠰᠬ᠎ᠠ | ᠲᠠᠪᠢᠰᠴᠦ᠂ ᠬᠠᠨ᠎ᠠ ᠳᠤᠨᠢ ᠲᠦᠰᠢᠭᠦᠷᠢ ᠶᠢ ᠨᠡᠮᠡᠵᠦ ᠥᠭᠪᠡ᠃ ᠡᠨᠡ ᠤᠳᠠᠭᠠᠨ ᠤ ᠥᠭᠡᠷᠡᠴᠢᠯᠡᠯᠲᠡ ᠳᠤ᠂ ᠬᠤᠶᠠᠷ | ᠨᠠᠰᠤᠲᠠᠨ ᠲᠣᠭᠤᠭᠠᠨ ᠭᠡᠷ ᠪᠠ ᠪᠡᠶ᠎ᠡ ᠤᠬᠢᠶᠠᠬᠤ ᠲᠠᠰᠤᠯᠭ᠎ᠠ ᠶᠢᠨ ᠴᠣᠩᠬᠤ ᠪᠠᠨ ᠪᠦᠬᠦᠨ ᠢ ᠰᠣᠯᠢᠪᠠ᠃ | ᠣᠶᠢᠯᠠᠭᠠᠭᠰᠠᠨ ᠢᠶᠠᠷ᠂ ᠱᠠᠩᠬᠠᠶ ᠬᠤᠳᠠ ᠪᠦᠬᠦᠯᠢ 60 ᠨᠠᠰᠤ ᠬᠦᠷᠦᠭᠰᠡᠨ ᠨᠥᠬᠦᠴᠡᠯ ᠳᠤ ᠨᠡᠶᠢᠴᠡᠬᠦ | ᠨᠠᠰᠤᠲᠠᠶᠢᠴᠤᠳ ᠲᠤ ᠨᠠᠰᠤᠵᠢᠯᠲᠠ ᠶᠢᠨ ᠥᠭᠡᠷᠡᠴᠢᠯᠡᠯᠲᠡ ᠶᠢᠨ ᠨᠥᠬᠦᠪᠥᠷᠢ ᠬᠠᠩᠭᠠᠵᠤ᠂ ᠡᠷᠦᠬᠡ ᠪᠦᠷᠢ ᠳᠤ | ᠬᠠᠮᠤᠭ ᠤᠨ ᠥᠨᠳᠥᠷ ᠳᠡᠭᠡᠨ 3000 ᠲᠥᠭᠦᠷᠢᠭ ᠨᠥᠬᠦᠪᠥᠷᠢ ᠤᠯᠭᠤᠨ᠎ᠠ᠂ ᠨᠠᠰᠤᠲᠠᠶᠢᠴᠤᠳ ᠰᠠᠭᠤᠭᠠᠯᠢ | ᠠᠷᠠᠳ ᠤᠨ ᠵᠥᠪᠯᠡᠯ ᠳᠤ ᠬᠦᠷᠴᠦ ᠭᠤᠶᠤᠴᠢᠯᠠᠪᠠᠯ᠂ ᠰᠠᠭᠤᠭᠠᠯᠢ ᠠᠷᠠᠳ ᠤᠨ ᠵᠥᠪᠯᠡᠯ ᠨᠢ ᠭᠤᠷᠪᠠᠳᠠᠬᠢ | ᠡᠲᠡᠭᠡᠳ ᠲᠠᠢ ᠬᠠᠮᠲᠤᠷᠠᠨ ᠨᠢᠭᠡ ᠥᠷᠲᠡᠭᠡ ᠮᠠᠶ᠋ᠢᠭ ᠤᠨ ᠰᠢᠰᠲ᠋ᠧᠮᠲᠦ ᠴᠢᠨᠠᠷᠲᠠᠶ ᠥᠭᠡᠷᠡᠴᠢᠯᠡᠬᠦ ᠲᠥᠰᠦᠯ ᠬᠠᠩᠭᠠᠨ᠎ᠠ᠂ | ᠡᠭᠦᠨ ᠳᠤ ᠰᠠᠭᠤᠷᠢ ᠦᠢᠯᠡᠳᠬᠦᠨ ᠤ ᠦᠢᠯᠡᠴᠢᠯᠡᠭᠡ᠂ ᠲᠤᠰᠬᠠᠶ ᠵᠦᠢᠯ ᠤᠨ ᠦᠢᠯᠡᠳᠬᠦᠨ ᠤ ᠦᠢᠯᠡᠴᠢᠯᠡᠭᠡ᠂ | ᠥᠪᠡᠷᠮᠢᠴᠡ ᠴᠢᠨᠠᠷᠲᠠᠶ ᠦᠢᠯᠡᠳᠬᠦᠨ ᠤ ᠦᠢᠯᠡᠴᠢᠯᠡᠭᠡ ᠵᠡᠷᠭᠡ ᠣᠯᠠᠨ ᠵᠦᠢᠯ ᠤᠨ ᠢᠵᠢ ᠦᠢᠯᠡᠴᠢᠯᠡᠭᠡ ᠪᠠᠭᠲᠠᠨ᠎ᠠ᠂ | ᠦᠢᠯᠡᠴᠢᠯᠡᠭᠡᠨ ᠤ ᠬᠥᠮᠥᠷᠭᠡ ᠳᠤ 9 ᠶᠡᠭᠡ ᠲᠥᠷᠥᠯ ᠵᠦᠢᠯ᠂ 400 ᠰᠢᠬᠠᠮ ᠦᠢᠯᠡᠳᠬᠦᠨ ᠢ ᠪᠠᠭᠲᠠᠭᠠᠵᠤ᠂ | ᠨᠠᠰᠤᠲᠠᠶᠢᠴᠤᠳ ᠬᠡᠷᠡᠭᠴᠡᠭᠡ ᠪᠠᠨ ᠦᠨᠳᠦᠰᠦᠯᠡᠨ ᠰᠣᠩᠭᠤᠵᠤ ᠪᠣᠯᠤᠨ᠎ᠠ᠃ | ᠱᠠᠩᠬᠠᠶ ᠬᠤᠲᠠ ᠶᠢᠨ ᠰᠢᠤᠢ ᠾᠦᠢ ᠲᠣᠭᠤᠷᠢᠭ ᠤᠨ ᠹᠧᠩ ᠯᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠵᠦ ᠢᠦᠶ ᠢᠦᠶ᠄ ᠮᠠᠨ ᠤ ᠰᠠᠭᠤᠭᠠᠯᠢ ᠠᠷᠠᠳ ᠤᠨ ᠵᠥᠪᠯᠡᠯ ᠠᠴᠠ ᠨᠠᠰᠤᠲᠠᠶᠢᠴᠤᠳ ᠲᠤ ᠢᠵᠢ | ᠦᠢᠯᠡᠴᠢᠯᠡᠭᠡ ᠶᠢᠨ ᠭᠤᠶᠤᠴᠢᠯᠠᠯ ᠢ ᠬᠠᠪᠰᠤᠷᠤᠨ ᠰᠢᠢᠳᠪᠦᠷᠢᠯᠡᠵᠦ ᠥᠭᠭᠦᠨ᠎ᠡ᠂ ᠭᠤᠷᠪᠠᠳᠠᠬᠢ ᠡᠲᠡᠭᠡᠳ ᠭᠡᠷ ᠲᠤᠨᠢ | ᠭᠦᠷᠴᠦ ᠦᠨᠡᠯᠡᠯᠲᠡ ᠬᠢᠵᠦ᠂ ᠬᠠᠮᠤᠭ ᠰᠡᠭᠦᠯ ᠳᠤᠨᠢ ᠭᠡᠷ᠎ᠡ ᠲᠣᠭᠲᠠᠬᠤ ᠵᠢᠴᠢ ︽ᠦᠢᠯᠡᠳᠬᠦᠨ︾ ᠳᠤ ᠬᠦᠷᠳᠡᠯ᠎ᠡ | ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠢ ᠬᠠᠪᠰᠤᠷᠤᠨ ᠨᠥᠬᠦᠪᠥᠷᠢ ᠭᠤᠶᠤᠴᠢᠯᠠᠬᠤ ᠵᠡᠷᠭᠡ | ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠨ᠎ᠠ ᠭᠡᠵᠦ ᠬᠡᠯᠡᠪᠡ᠃ | ᠣᠶᠢᠯᠠᠭᠠᠭᠰᠠᠨ ᠢᠶᠠᠷ᠂ ᠡᠨᠡ ᠵᠢᠯ ᠱᠠᠩᠬᠠᠶ ᠬᠤᠳᠠ ᠶᠢᠨ 6000 ᠡᠷᠦᠬᠡ ᠬᠡᠷ ᠪᠦᠯᠢ ᠳᠤ ᠨᠠᠰᠤᠵᠢᠯᠲᠠ ᠳᠤ | ᠳᠣᠭᠢᠷᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠳᠥᠯᠭᠢᠨ ᠠᠬᠢᠭᠤᠯᠵᠤ᠂ ᠨᠢᠳᠤᠨᠤᠨ ᠤ ᠬᠢ ᠠᠴᠠ 20% ᠪᠠᠷ | ᠨᠡᠮᠡᠭᠳᠡᠵᠡᠢ᠂ ᠣᠳᠣᠬᠠᠨ ᠳᠤ ᠨᠢᠭᠡᠨᠲᠡ 5000 ᠡᠷᠦᠬᠡ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠵᠡᠢ | ᠃ ᠵᠠᠯᠭᠠᠭᠠᠳ ᠪᠠᠰᠠ ᠨᠠᠰᠤᠲᠠᠶᠢᠴᠤᠳ ᠤᠨ ᠠᠳᠠᠯᠢ ᠪᠤᠰᠤ ᠣᠷᠣᠨ ᠰᠠᠭᠤᠴᠠ ᠶᠢᠨ ᠣᠷᠴᠢᠨ ᠲᠣᠭᠤᠷᠢᠨ᠂ ᠠᠳᠠᠯᠢ | ᠪᠤᠰᠤ ᠪᠡᠶ᠎ᠡ ᠮᠠᠬᠠᠪᠣᠳ ᠤᠨ ᠣᠨᠴᠠᠯᠢᠭ ᠪᠠ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠦᠢᠯᠡᠳᠬᠦᠨ ᠪᠠ ᠦᠢᠯᠡᠳᠬᠦᠨ ᠤ ᠨᠠᠷᠢᠨ ᠬᠠᠭᠤᠳᠠᠰᠤ ᠶᠢ ᠦᠷᠭᠦᠯᠵᠢᠯᠡᠨ ᠪᠠᠶᠠᠯᠢᠭᠵᠢᠭᠤᠯᠵᠤ᠂ 2025 ᠤᠨ | ᠪᠤᠯᠳᠠᠯ᠎ᠠ᠂ ᠦᠢᠯᠡᠳᠬᠦᠨ ᠤ ᠨᠠᠷᠢᠨ ᠬᠠᠭᠤᠳᠠᠰᠤ ᠶᠢ ᠵᠢᠱᠢᠯᠲᠡ ᠪᠠᠷ 500 ᠵᠦᠢᠯ ᠳᠤ ᠬᠦᠷᠭᠡᠬᠦ ᠪᠣᠯᠤᠨ᠎ᠠ᠃ | ︽ᠬᠤᠭᠤᠴᠢᠨ ᠢᠶᠠᠷ ᠰᠢᠨ᠎ᠡ ᠶᠢ ᠰᠤᠯᠢᠬᠤ︾ ᠨᠢ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ | ᠪᠤᠢ ᠪᠤᠯᠭᠠᠪᠠ | ᠬᠠᠭᠤᠴᠢᠨ ᠢᠶᠠᠷ ᠰᠢᠨ᠎ᠡ ᠰᠤᠯᠢᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠶᠢ ᠳᠠᠭᠠᠯᠳᠤᠨ᠂ ᠡᠯ᠎ᠡ ᠲᠣᠮᠣ ᠠᠵᠤ | ᠠᠬᠤᠶᠢᠯᠠᠯ ᠵᠢᠴᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠪᠴᠠᠩ ᠳᠤ ᠴᠥᠮ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠦᠵᠡᠭᠦᠯᠵᠦ ᠬᠡᠷᠡᠭᠯᠡᠭᠴᠢᠳ ᠤᠨ ᠠᠩᠬᠠᠷᠤᠯ ᠢ ᠲᠠᠲᠠᠪᠠ᠂ ᠭᠤᠤᠯᠳᠠᠭᠤ | ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠬᠡᠷᠡᠭᠰᠡᠯ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢᠨ | ᠨᠡᠮᠡᠭᠳᠡᠯ ᠢ ᠳᠠᠶᠢᠴᠢᠯᠠᠭᠰᠠᠨ ᠪᠠᠶᠢᠨ᠎ᠠ᠃ | ᠣᠶᠢᠷ᠎ᠠ ᠳᠤ᠂ ᠴᠧᠩᠳᠦ᠋ ᠬᠤᠲᠠ ᠶᠢᠨ ᠬᠡᠰᠡᠭ ᠭᠡᠷ ᠤᠨ ᠡᠳ᠋ᠯᠡᠯ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠤᠨ | ᠠᠵᠤ ᠠᠬᠤᠶᠢᠯᠠᠯ ᠬᠤᠯᠪᠣᠭᠠᠯᠠᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠥᠷᠨᠢᠭᠦᠯᠵᠡᠶ᠃ | ᠪᠦᠬᠦᠯᠢ ᠴᠣᠭᠴᠠ ᠪᠠᠷ ᠨᠢ ᠬᠠᠷᠠᠭᠠᠯᠵᠠᠯ ᠦᠵᠡᠭᠦᠯᠬᠦ ᠠᠴᠠ ᠭᠠᠳᠠᠨ᠎ᠠ᠂ ᠴᠧᠩᠳᠦ᠋ ᠬᠤᠲᠠ ᠶᠢᠨ ᠵᠠᠷᠢᠮ | ᠬᠤᠳᠠᠯᠳᠤᠭᠠᠨ ᠤ ᠲᠠᠯᠠᠪᠠᠢ ᠪᠠᠰᠠ ᠲᠤᠰᠬᠠᠶᠢᠯᠠᠨ ᠭᠡᠷ ᠤᠨ ᠴᠠᠬᠢᠯᠭᠠᠨ ᠬᠡᠷᠡᠭᠰᠡᠯ ᠢ ᠬᠤᠷᠢᠶᠠᠨ ᠠᠪᠬᠤ ᠲᠣᠣᠷ ᠴᠡᠭ | ᠭᠠᠷᠭᠠᠵᠤ᠂ ᠨᠢᠭᠡ ᠯᠡ ᠥᠷᠲᠡᠭᠡᠨ ᠤ ᠮᠠᠶ᠋ᠢᠭ ᠤᠨ ᠵᠠᠰᠠᠨ ᠴᠢᠮᠡᠭᠯᠡᠬᠦ ᠦᠢᠯᠡᠴᠢᠯᠡᠭᠡ ᠭᠠᠷᠭᠠᠵᠤ᠂ ᠵᠢᠷᠤᠵᠤ ᠲᠥᠯᠥᠪᠯᠡᠬᠦ | ᠂ ᠵᠠᠰᠠᠵᠤ ᠴᠢᠮᠡᠭᠯᠡᠬᠦ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠪᠦᠬᠦ | ᠶᠠᠪᠤᠴᠠ ᠶᠢ ᠬᠠᠮᠤᠷᠴᠤ᠂ ᠬᠡᠷᠡᠭᠯᠡᠭᠴᠢᠳ ᠢ ᠢᠯᠡᠭᠦᠦ ᠪᠣᠳᠠᠲᠤ ᠠᠰᠢᠭ ᠬᠦᠷᠳᠡᠭᠡᠵᠦ ᠳᠤᠲᠠᠭᠤ ᠭᠦᠶᠦᠯᠭᠡᠬᠦ ᠪᠣᠯᠵᠠᠢ᠃ | ᠬᠡᠷ ᠤᠨ ᠴᠢᠮᠡᠭᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥᠯ ᠵᠦᠢᠯ ᠤᠨ ᠬᠠᠷᠢᠭᠤᠴᠠᠯᠭᠠᠲᠠᠨ ᠰᠤ᠋ | ᠸᠧᠨ ᠲᠢᠩ᠄ ᠵᠠᠰᠠᠭ ᠤᠨ ᠣᠷᠳᠣᠨ ᠪᠤᠯᠤᠨ ᠠᠵᠤ ᠠᠬᠤᠶᠢᠯᠠᠯ ᠤᠨ ᠳᠠᠪᠬᠤᠷ ᠨᠥᠬᠦᠪᠥᠷᠢ ᠥᠭᠬᠦ ᠵᠠᠭᠪᠤᠷ ᠢ | ᠬᠡᠷᠡᠭᠯᠡᠵᠦ᠂ ᠬᠡᠷᠡᠭᠯᠡᠭᠴᠢᠳ ᠲᠤ ᠨᠢᠭᠡ ᠯᠡ ᠥᠷᠲᠡᠭᠡᠨ ᠤ ᠮᠠᠶ᠋ᠢᠭ ᠤᠨ ᠵᠠᠰᠠᠯ ᠴᠢᠮᠡᠭᠯᠡᠯ ᠤᠨ ᠤᠶᠢᠯᠠᠭᠠᠯᠳᠠ ᠬᠠᠩᠭᠠᠬᠤ | ᠶᠢᠨ ᠬᠠᠮᠲᠤ ᠪᠠᠰᠠ ᠬᠠᠮᠤᠭ ᠤᠨ ᠰᠠᠶᠢᠨ ᠬᠠᠷᠠᠭᠠᠯᠵᠠᠯ ᠬᠦᠷᠳᠡᠭᠡᠬᠦ ᠵᠠᠰᠠᠭ ᠠᠵᠤ ᠠᠬᠤᠶᠢᠯᠠᠯ ᠤᠨ ᠬᠤᠤᠰ ᠨᠥᠬᠦᠪᠥᠷᠢ | ᠶᠢ ᠬᠦᠷᠳᠡᠭᠡᠨ᠎ᠡ᠃ | ᠬᠡᠷ ᠤᠨ ᠴᠢᠮᠡᠭᠯᠡᠯ ᠤᠨ ᠬᠤᠳᠠᠯᠳᠤᠭᠠᠨ ᠤ ᠲᠠᠯᠠᠪᠠᠢ ᠢᠳᠡᠪᠬᠢᠳᠡᠢ ᠤᠷᠤᠯᠴᠠᠭᠰᠠᠨ ᠢᠶᠠᠷ ᠪᠠᠷᠠᠬᠤ ᠥᠬᠡᠶ᠂ ᠡᠯ᠎ᠡ | ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ ᠴᠤ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ | ᠰᠦᠯᠵᠢᠶᠡᠨ ᠭᠠᠳᠠᠨ᠎ᠠ ᠬᠦᠷᠲᠡᠯ᠎ᠡ ᠥᠷᠭᠡᠳᠬᠡᠪᠡ᠃ ᠴᠦᠩᠴᠢᠩ ᠬᠤᠲᠠ ᠶᠢᠨ ᠲᠣᠭᠤᠷᠢᠭ ᠲᠤ ᠪᠠᠶᠢᠭ᠎ᠠ ᠡᠯᠧᠺᠲᠷᠣᠨ | ᠬᠤᠳᠠᠯᠳᠤᠭᠠᠨ ᠤ ᠰᠦᠯᠵᠢᠶᠡᠨ ᠭᠠᠳᠠᠨᠠᠬᠢ ᠳᠡᠯᠭᠡᠭᠦᠷ ᠨᠢ ᠬᠠᠭᠤᠴᠢᠨ ᠢᠶᠠᠷ ᠰᠢᠨ᠎ᠡ ᠶᠢ ᠰᠤᠯᠢᠬᠤ ᠳᠤ 20% ᠶᠢᠨ | ᠨᠥᠬᠦᠪᠥᠷᠢ ᠤᠯᠭᠤᠬᠤ ᠵᠢᠴᠢ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠤᠪᠠᠯ ︽ᠬᠤᠶᠠᠷ ᠠᠪᠤᠪᠠᠯ ᠨᠢᠭᠡ ᠶᠢ | ᠬᠦᠷᠭᠡᠬᠦ︾ ᠵᠡᠷᠭᠡ ᠰᠢᠷᠢᠰ ᠬᠠᠷᠠᠭᠠᠯᠵᠠᠯ ᠤᠨ ᠠᠵᠢᠯᠯᠠᠭ᠎ᠠ ᠦᠷᠨᠢᠭᠦᠯᠪᠡ᠃ | ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠤᠯᠤᠰ ᠤᠨ | ᠰᠦᠯᠵᠢᠶᠡᠨ ᠳᠠᠬᠢ ᠵᠢᠵᠢᠭᠯᠡᠨ ᠬᠤᠳᠠᠯᠳᠤᠭᠰᠠᠨ ᠲᠤᠭ᠎ᠠ ᠨᠢ 7.1 ᠲᠦᠮᠡᠨ ᠳ᠋ᠦᠩᠰᠢᠭᠤᠷ ᠲᠦᠭᠦᠷᠢᠭ ᠬᠦᠷᠴᠦ᠂ 9. | 8% ᠪᠠᠷ ᠨᠡᠮᠡᠭᠳᠡᠵᠡᠶ᠃ ᠲᠤᠭᠠᠴᠢᠯᠠᠭᠰᠠᠨ ᠲᠠᠸᠠᠷ᠂ ᠦᠢᠯᠡᠴᠢᠯᠡᠭᠡ᠂ ᠬᠡᠷᠡᠭᠯᠡᠭᠡ ᠶᠢᠨ ᠬᠠᠭᠤᠴᠢᠨ ᠢᠶᠠᠷ ᠰᠢᠨ᠎ᠡ ᠶᠢ | ᠰᠤᠯᠢᠬᠤ ᠰᠢᠨ᠎ᠡ ᠥᠰᠦᠯᠲᠡ ᠶᠢᠨ ᠴᠡᠭ ᠪᠤᠯᠵᠠᠢ᠃ ᠡᠭᠦᠨ ᠳᠤ᠂ ᠡᠯᠧᠺᠲᠷᠣᠨ ᠬᠤᠳᠠᠯᠳᠤᠭᠠᠨ ᠤ ᠲᠠᠪᠴᠠᠩ ᠣᠯᠠᠨ | ᠡᠰᠢᠵᠢᠨ ᠬᠠᠮᠵᠢᠯᠴᠠᠵᠤ᠂ 40 ᠭᠠᠷᠤᠶ ᠲᠦᠮᠡᠨ ᠵᠦᠢᠯ ᠤᠨ ᠲᠠᠸᠠᠷ ᠢ ᠬᠠᠭᠤᠴᠢᠨ ᠢᠶᠠᠷ ᠰᠢᠨ᠎ᠡ ᠶᠢ ᠰᠣᠯᠢᠬᠤ᠂ | 300 ᠭᠠᠷᠤᠶ ᠲᠥᠷᠥᠯ ᠵᠦᠢᠯ ᠢ ᠵᠡᠷᠭᠡ ᠪᠠᠷ ᠬᠤᠷᠢᠶᠠᠨ ᠠᠪᠬᠤ ᠶᠢ ᠳᠡᠮᠵᠢᠵᠦ᠂ ᠬᠦᠯᠳᠡᠭᠡᠭᠦᠷ᠂ ᠬᠤᠪᠴᠠᠰᠤ | ᠤᠬᠢᠶᠠᠬᠤ ᠮᠠᠰᠢᠨ᠂ ᠭᠠᠷ ᠤᠲᠠᠰᠤ ᠪᠠ ᠲᠧᠯᠸᠢᠰ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠨᠢ ᠲᠤᠰ ᠪᠦᠷᠢ 82. | 1%᠂ 70.4%᠂ 63.9% ᠪᠠ 54.3% ᠪᠠᠷ ᠨᠡᠮᠡᠭᠳᠡᠪᠡ᠃ | ᠡᠯᠧᠺᠲᠷᠣᠨ ᠬᠤᠳᠠᠯᠳᠤᠭᠠᠨ ᠤ ᠲᠠᠪᠴᠠᠩ ᠤᠨ ᠴᠦᠩᠴᠢᠩ ᠤᠨ ᠰᠦᠯᠵᠢᠶᠡᠨ ᠭᠠᠳᠠᠨᠠᠬᠢ ᠳᠡᠯᠭᠡᠭᠦᠷ ᠤᠨ | ᠳᠠᠷᠤᠭ᠎ᠠ ᠰᠦᠨ ᠵᠢᠶᠠᠨ᠄ ᠡᠨᠡ ᠵᠢᠯ ᠤᠨ ︽618︾ ᠤ ᠬᠤᠭᠤᠴᠠᠭᠠᠨ ᠳᠤ᠂ ᠬᠠᠭᠤᠴᠢᠨ ᠢᠶᠠᠷ ᠰᠢᠨ᠎ᠡ ᠶᠢ ᠰᠣᠯᠢᠬᠤ | ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ 700 ᠭᠠᠷᠤᠶ ᠬᠡᠷ ᠤᠨ ᠴᠠᠬᠢᠯᠭᠠᠨ ᠬᠡᠷᠡᠭᠰᠡᠯ᠂ ᠬᠡᠷ ᠤᠨ | ᠬᠡᠷᠡᠭᠰᠡᠯ ᠤᠨ ᠨᠠᠷᠠᠲᠤ ᠲᠡᠮᠳᠡᠭᠲᠦ ᠶᠢᠨ ᠠᠷᠠᠯᠵᠢᠶ᠎ᠠ ᠶᠢᠨ ᠪᠦᠲᠦᠭᠰᠡᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ | 100 % ᠪᠠᠷ ᠨᠡᠮᠡᠭᠳᠡᠪᠡ᠃ ᠡᠭᠦᠨ ᠳᠤ ᠠᠭᠠᠷ ᠲᠤᠬᠢᠷᠠᠭᠤᠯᠤᠭᠴᠢ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ | ᠠᠷᠠᠯᠵᠢᠶ᠎ᠠ ᠶᠢᠨ ᠪᠦᠲᠦᠭᠰᠡᠨ ᠬᠡᠮᠵᠢᠶ᠎ᠡ ᠨᠢ ᠬᠠᠮᠤᠭ ᠥᠨᠳᠥᠷ ᠪᠠᠶᠢᠵᠤ᠂ ᠨᠡᠮᠡᠭᠳᠡᠯ ᠤᠨ ᠬᠠᠷᠢᠴᠠᠯ ᠨᠢ 200% ᠢ | ᠳᠠᠪᠠᠭᠰᠠᠨ ᠪᠠᠶᠢᠨ᠎ᠠ ᠭᠡᠵᠡᠢ᠃ | | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ | |