ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/12
      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠤᠯᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ      ︵2024 ᠣᠨ ᠤ 8 ᠳ᠋ᠤᠭᠠᠷ ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠤᠯᠤᠳᠤᠭᠠᠷ ᠪᠦᠭᠦᠳᠡ ᠬᠤᠷᠠᠯ ᠠᠴᠠ ᠪᠠᠳᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ 2024 ᠣᠨ ᠤ 8 ᠳ᠋ᠤᠭᠠᠷ ᠰᠠᠷ᠎ᠠ ᠶᠢᠨ 10 ᠤ ᠡᠳᠦᠷ ᠬᠤᠷᠠᠯᠳᠤᠪᠠ᠃    ᠪᠥᠬᠦᠳᠡ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 25 ᠬᠥᠮᠦᠨ᠂ ᠣᠷᠣᠯᠠᠭᠴᠢ ᠭᠡᠰᠢᠭᠦᠨ 5 ᠬᠥᠮᠦᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠶᠠᠷᠢᠶ᠎ᠠ ᠲᠠᠯᠪᠢᠪᠠ᠃      ᠪᠦᠬᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭ᠎ᠠ᠂ ︽ᠲᠤᠯᠠᠭᠠᠯᠭ᠎ᠠ ᠶᠢᠨ ᠢᠨᠵᠧᠨᠧᠷᠢᠩ︾ ᠪᠣᠯᠤᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠭᠰᠠᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠦᠷᠦᠯ ᠵᠦᠢᠯ ᠤᠨ ᠠᠬᠢᠴᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠡᠭᠴᠡᠯᠡᠨ ᠰᠠᠶᠢᠵᠢᠷᠠᠭᠤᠯᠤᠭᠰᠠᠨ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠢ ᠮᠡᠳᠡᠭᠳᠡᠵᠦ᠂ ᠳᠣᠣᠷ᠎ᠠ ᠬᠠᠭᠠᠰ ᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠸᠠᠩ ᠳ᠋ᠦᠩ ᠱᠧᠩ ︽ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃    ᠪᠥᠬᠦᠳᠡ ᠬᠤᠷᠠᠯ ᠠᠴᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠢ ᠭᠦᠢᠴᠡᠳ ᠨᠤᠲᠠᠯᠠᠪᠠ᠃ ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ︽ᠵᠢᠷᠭᠤᠭᠠᠨ ᠢᠨᠵᠧᠨᠧᠷᠢᠩ︾ ᠢ  ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ 9.3%᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 22.5%᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 24.6%᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ ᠨᠡᠮᠡᠭᠳᠡᠯ ᠤᠨ ᠬᠤᠷᠳᠤᠴᠠ 3%᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ 12.7%᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ 3.8%᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ 6.5%᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ 3.9%᠂ ᠪᠥᠬᠦ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠲᠣᠭᠲᠠᠭᠤᠨ ᠢᠶᠠᠷ ᠳᠡᠭᠡᠭᠰᠢᠯᠡᠬᠦ᠂ ᠦᠷᠭᠦᠯᠵᠢᠯᠡᠨ ᠰᠠᠶᠢᠵᠢᠷᠠᠬᠤ ᠰᠠᠶᠢᠨ ᠪᠠᠶᠢᠳᠠᠯ ᠢᠯᠡᠷᠡᠪᠡ᠃    ᠪᠦᠬᠦᠳᠡ ᠬᠤᠷᠠᠯ ᠠᠴᠠ᠂ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠦᠬᠦ ᠰᠢᠶᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠬᠤᠶᠠᠷ ᠢ ᠲᠤᠭᠳᠠᠭᠠᠭᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ  ᠬᠦᠷᠢᠶᠡᠯᠡᠬᠦ︾ ᠶᠢ ᠡᠷᠡᠰ ᠪᠡᠶᠡᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠢᠯᠡ ᠲᠣᠳᠣ ︽ᠲᠤᠯᠤᠭᠠᠨ ᠤᠳᠤᠷᠢᠳᠤᠮᠵᠢ︾ ᠶᠢ ᠪᠣᠶ ᠪᠣᠯᠭᠠᠬᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠲᠤᠭᠳᠠᠬᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ︽ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠥᠬᠦ ᠬᠤᠲᠠ ᠶᠢᠨ ᠡᠮᠦᠨ᠎ᠡ 5 ᠳᠤ ᠤᠷᠤᠬᠤ᠂ ᠪᠥᠬᠦ ᠣᠷᠣᠨ ᠤ ᠡᠮᠦᠨ᠎ᠡ 20 ᠳᠤ ᠤᠷᠤᠬᠤ︾ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠡᠷᠡᠰ ᠭᠤᠶᠢᠪᠢᠰᠢ ᠥᠬᠡᠶ ᠪᠡᠶᠡᠯᠡᠭᠦᠯᠬᠦ ᠬᠡᠷᠡᠭᠲᠡᠶ᠃ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ  ᠬᠦᠳᠦᠯᠦᠮᠵᠢ ᠶᠢᠨ ᠦᠢᠯᠡᠳᠦᠯ ᠢ ᠪᠠᠳᠠᠷᠠᠭᠤᠯᠵᠤ᠂ ᠬᠤᠶᠠᠳᠤᠭᠠᠷ ᠠᠵᠤ ᠦᠢᠯᠡᠰ ᠢ ᠠᠳᠬᠤᠬᠤ᠂ ᠬᠦᠷᠢᠶᠡᠯᠡᠩ ᠲᠣᠭᠤᠷᠢᠭ ᠢ ᠠᠳᠬᠤᠬᠤ᠂ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠳᠬᠤᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ︾ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠾᠧ ᠺᠸᠤ ᠶᠢᠨ ᠵᠤᠭᠠᠴᠠᠯ  ᠰᠡᠯᠡᠭᠦᠴᠡᠯ ᠤᠨ ᠣᠷᠣᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠤᠯᠤᠰ ᠤᠨ ᠲᠡᠰ ᠤᠨ ᠵᠤᠭᠠᠴᠠᠯ ᠤᠨ ᠰᠡᠯᠡᠭᠦᠴᠡᠯ ᠤᠨ ᠣᠷᠣᠨ︾ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ︽ᠤᠨᠢᠨ ᠳᠡᠭᠡᠷ᠎ᠡ  ᠵᠢᠷᠤᠭᠯᠠᠬᠤ︾ ᠠᠵᠢᠯ ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠲᠦᠷᠭᠡᠳᠬᠡᠵᠦ᠂ ︽ᠦᠵᠡᠰᠬᠦᠯᠡᠩᠲᠦ ᠰᠠᠶᠢᠬᠠᠨ ᠲᠣᠭᠲᠠᠬᠤ︾ ᠶᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠷᠢᠮ ᠤᠨ ᠰᠢᠰᠲ᠋ᠧᠮ ᠢ ᠪᠦᠷᠢᠨᠰᠢᠬᠦᠯᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠪᠠᠶᠢᠩᠭᠤ ᠰᠡᠷᠭᠡᠶᠢᠯᠡᠬᠦ ᠲᠣᠭᠲᠠᠴᠠ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ᠵᠣᠯ ᠵᠢᠷᠭᠠᠯᠲᠤ ᠲᠤᠭᠳᠠᠬᠤ︾ ᠶᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ︽ᠠᠮᠤᠷ ᠠᠮᠤᠭᠤᠯᠠᠩ ᠲᠣᠭᠲᠠᠬᠤ︾ ᠶᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠲᠦᠷᠦ ᠶᠢᠨ ᠪᠠᠲᠤᠯᠠᠭ᠎ᠠ ᠶᠢ ᠪᠠᠲᠤᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ᠂ ︽ᠪᠣᠳᠠᠲᠤ ᠠᠮᠵᠢᠯᠲᠠ ᠪᠦᠲᠦᠮᠵᠢ ᠪᠠᠷ ᠪᠠᠭᠠᠲᠤᠷ ᠢ ᠥᠭᠦᠯᠡᠬᠦ︾ ᠶᠢ ᠪᠠᠷᠢᠮᠲᠠᠯᠠᠵᠤ᠂ ᠵᠣᠷᠢᠭᠲᠠᠢ ᠪᠠᠷ ᠬᠠᠶᠢᠨ ᠰᠦᠪᠡᠭᠴᠢᠯᠡᠬᠦ᠂ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ︽ᠡᠭᠦᠷᠭᠡᠯᠡᠯ᠂ ᠴᠢᠳᠠᠮᠠᠭᠠᠢ᠂ ᠠᠵᠢᠯ ᠬᠢᠵᠦ ᠴᠢᠳᠠᠬᠤ︾ ᠲᠤᠭᠳᠠᠬᠤ ᠰᠢᠶᠠᠨ ᠤ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠦᠨᠡᠨ ᠬᠦ ᠪᠣᠳᠠᠲᠤ ᠠᠮᠵᠢᠯᠲᠠ ᠪᠦᠲᠦᠮᠵᠢ ᠪᠣᠯᠤᠨ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠨ ᠪᠠᠶᠢᠴᠠᠭᠠᠵᠤ᠂ ᠠᠷᠠᠳ ᠤᠨ ᠢᠲᠡᠭᠡᠯ ᠢ ᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳᠠᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠤ ᠡᠯ᠎ᠡ ᠵᠦᠢᠯ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠶᠢ ᠪᠤᠳᠤᠪᠠᠯ᠂ ᠨᠢᠭᠡ ᠶᠢ ᠪᠦᠲᠦᠭᠡᠵᠦ᠂ ᠪᠠᠭ᠎ᠠ ᠢᠯᠠᠯᠲᠠ ᠶᠢ ᠬᠤᠷᠠᠮᠳᠤᠭᠤᠯᠤᠨ ᠶᠡᠭᠡ ᠢᠯᠠᠯᠲᠠ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠣᠭᠲᠠᠬᠤ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃    ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1