ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠪᠦᠬᠦ ᠤᠯᠤᠰ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠳᠠᠩᠰᠠᠯᠠᠭᠤᠯᠤᠭᠰᠠᠨ ᠪᠠᠷᠢᠯᠭᠠᠴᠢᠨ ᠤ ᠬᠢᠷᠢ ᠬᠡᠮ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/8/12
      ︽ᠲᠥᠪ ᠠᠴᠠ ᠬᠠᠮᠢᠶᠠᠷᠴᠤ ᠪᠦᠬᠦᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠳᠠᠬᠢᠵᠤ ᠰᠢᠨ᠎ᠡ ᠪᠠᠷ ᠨᠡᠶᠢᠲᠡᠯᠡᠬᠦ ᠲᠤᠬᠠᠶ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠪᠣᠯᠤᠨ ︽ᠪᠦᠬᠦ ᠤᠯᠤᠰ ᠤᠨ ᠴᠢᠨᠠᠷᠲᠠᠶ ᠠᠵᠢᠯ ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠥᠭᠡᠷᠡᠴᠢᠯᠡᠬᠦ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠦᠬᠦ ᠤᠯᠤᠰ ᠤᠨ ᠨᠢᠭᠡᠳᠦᠭᠡᠷ ᠲᠡᠰ᠂ ᠬᠤᠶᠠᠳᠤᠭᠠᠷ ᠲᠠᠰ ᠤᠨ ᠳᠠᠩᠰᠠᠯᠠᠭᠤᠯᠤᠭᠰᠠᠨ ᠪᠠᠷᠢᠯᠭᠠᠴᠢᠨ ᠤ ᠬᠢᠷᠢ ᠭᠡᠮ ᠤᠨ ᠰᠢᠯᠭᠠᠯᠲᠠ ᠶᠢᠨ ᠬᠥᠲᠥᠯᠪᠦᠷᠢ ᠳᠤ ᠵᠠᠰᠠᠪᠤᠷᠢ ᠣᠷᠣᠭᠤᠯᠬᠤ ᠲᠠᠢ ᠤᠶᠠᠯᠳᠤᠭᠤᠯᠵᠤ᠂ ᠪᠦᠬᠦ ᠤᠯᠤᠰ ᠤᠨ ᠨᠢᠭᠡᠳᠦᠭᠡᠷ ᠳᠡᠰ᠂ ᠬᠤᠶᠠᠳᠤᠭᠠᠷ ᠲᠠᠰ ᠤᠨ ᠳᠠᠩᠰᠠᠯᠠᠭᠤᠯᠤᠭᠰᠠᠨ ᠪᠠᠷᠢᠯᠭᠠᠴᠢᠨ ᠤ ᠬᠢᠷᠢ ᠭᠡᠮ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠮᠡᠳᠡᠭᠳᠡᠯ ᠨᠡᠶᠢᠲᠡᠯᠡᠪᠡ᠃      ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄      ᠨᠢᠭᠡ᠂ ᠪᠦᠬᠦ ᠤᠯᠤᠰ ᠤᠨ ᠨᠢᠭᠡᠳᠦᠭᠡᠷ ᠳᠡᠰ ᠤᠨ ᠳᠠᠩᠰᠠᠯᠠᠭᠤᠯᠤᠭᠰᠠᠨ ᠪᠠᠷᠢᠯᠭᠠᠴᠢᠨ ᠤ ᠬᠢᠷᠢ ᠬᠡᠮ ᠤᠨ ᠰᠢᠯᠭᠠᠯᠲᠠ ᠶᠢᠨ ᠪᠤᠰᠤᠳᠴᠢ ᠰᠡᠳᠦᠪ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ 13 ᠲᠥᠭᠦᠷᠢᠭ / ᠬᠢᠴᠢᠶᠡᠯ ᠲᠦᠷᠦᠯ᠂ ᠪᠡᠶᠡᠴᠢ ᠰᠡᠳᠦᠪ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ 102 ᠲᠥᠭᠦᠷᠢᠭ / ᠬᠢᠴᠢᠶᠡᠯ ᠲᠦᠷᠦᠯ︔ ᠪᠦᠬᠦ ᠤᠯᠤᠰ ᠤᠨ ᠬᠤᠶᠠᠳᠤᠭᠠᠷ ᠳᠡᠰ ᠤᠨ ᠳᠠᠩᠰᠠᠯᠠᠭᠤᠯᠤᠭᠰᠠᠨ ᠪᠠᠷᠢᠯᠭᠠᠴᠢᠨ ᠤ ᠬᠢᠷᠢ ᠬᠡᠮ ᠤᠨ ᠰᠢᠯᠭᠠᠯᠲᠠ ᠶᠢᠨ ᠪᠤᠰᠤᠳᠴᠢ ᠰᠡᠳᠦᠪ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ 15 ᠲᠥᠭᠦᠷᠢᠭ / ᠬᠢᠴᠢᠶᠡᠯ ᠲᠦᠷᠦᠯ᠂ ᠪᠡᠶᠡᠴᠢ ᠰᠡᠳᠦᠪ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ 25 ᠲᠥᠭᠦᠷᠢᠭ / ᠬᠢᠴᠢᠶᠡᠯ ᠲᠦᠷᠦᠯ ᠭᠡᠵᠤ ᠲᠤᠭᠳᠠᠭᠠᠪᠠ᠃ ᠰᠦᠢᠳᠬᠡᠯ ᠬᠤᠷᠢᠶᠠᠬᠤ ᠪᠠᠷᠢᠮᠵᠢᠶ᠎ᠠ ᠨᠢ ᠬᠡᠰᠡᠭ ᠰᠢᠯᠭᠠᠯᠲᠠ ᠶᠢᠨ ᠶᠠᠪᠤᠳᠠᠯ ᠤᠨ ᠥᠪᠡᠷ ᠤᠨ ᠥᠷᠲᠡᠭ ᠢ ᠨᠥᠬᠦᠪᠥᠷᠢᠯᠡᠬᠦ᠂ ᠰᠢᠯᠭᠠᠭᠤᠯᠤᠭᠴᠢ ᠶᠢᠨ ᠳᠠᠷᠤᠭᠠᠰᠤ ᠶᠢ ᠬᠥᠩᠭᠡᠷᠡᠭᠦᠯᠬᠦ ᠵᠠᠷᠴᠢᠮ ᠶᠣᠰᠣᠭᠠᠷ ᠬᠢᠨᠠᠨ ᠲᠤᠭᠳᠠᠭᠠᠵᠠᠢ᠂ ᠪᠣᠳᠠᠲᠠᠶ ᠠᠭᠤᠯᠭ᠎ᠠ ᠶᠢ ᠳᠠᠭᠠᠯᠳᠤᠭᠤᠯᠤᠯ ᠳᠤ ᠦᠵᠡ᠃      ᠬᠤᠶᠠᠷ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠤᠯᠪᠣᠭᠳᠠᠯ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠠᠭᠢᠵᠤ ᠨᠡᠶᠢᠲᠡᠯᠡᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ᠳᠠᠬᠢ ᠪᠥᠬᠦ ᠤᠯᠤᠰ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠳᠠᠩᠰᠠᠯᠠᠭᠤᠯᠤᠭᠰᠠᠨ ᠪᠠᠷᠢᠯᠭᠠᠴᠢᠨ ᠤ ᠬᠢᠷᠢ ᠬᠡᠮ ᠤᠨ ᠰᠢᠯᠭᠠᠯᠲᠠ ᠶᠢᠨ ᠤᠤᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠬᠦ ᠪᠠᠨ ᠵᠤᠭᠰᠤᠭᠠᠨ᠎ᠠ᠃    ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1