ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/13
      ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠳᠣᠲᠣᠷᠠᠬᠢ ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠠᠵᠢᠯᠯᠠᠭᠠᠨ ᠢ ᠦᠨᠡᠨ ᠬᠦ ᠪᠠᠲᠤᠯᠠᠵᠤ᠂ ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 12 ᠤᠨ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃
   ᠲᠣᠰ ᠤᠳᠠᠭᠠᠨ ᠤ ᠳᠠᠷᠤᠯᠲᠠᠲᠤ ᠰᠠᠪᠠ ᠶᠢ ᠲᠤᠰᠬᠠᠶ ᠪᠠᠶᠢᠴᠠᠭᠠᠬᠤ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠶ ᠶᠢᠨ ᠲᠠᠯᠠᠪᠤᠷ ᠲᠤ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠢᠭᠡ ᠳᠤ᠂ ᠳᠠᠷᠤᠯᠲᠠᠲᠤ ᠰᠠᠪᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠨᠢ ᠬᠦᠴᠦᠨ ᠲᠠᠢ ᠬᠤᠭᠤᠴᠠᠭᠠᠨ ᠳᠤ ᠪᠠᠶᠢᠭ᠎ᠠ ᠡᠰᠡᠬᠦ᠂ ᠬᠡᠷᠡᠭᠯᠡᠬᠦ ᠳᠡᠩᠰᠡᠯᠡᠯᠲᠡ ᠶᠢ ᠭᠦᠢᠴᠡᠳᠬᠡᠭᠰᠡᠨ ᠡᠰᠡᠬᠦ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠭᠰᠡᠨ ᠡᠰᠡᠬᠦ᠂ ᠬᠤᠶᠠᠷ ᠲᠤ᠂ ᠠᠮᠤᠷ ᠲᠦᠪᠰᠢᠨ ᠤ ᠬᠠᠮᠢᠶᠠᠷᠤᠯᠲᠠ ᠪᠠ ᠠᠵᠢᠯᠯᠠᠭᠴᠢ ᠠᠴᠠ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠠᠵᠤ ᠠᠬᠤᠶᠢᠯᠠᠯ ᠤᠳ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠭᠰᠠᠨ ᠡᠰᠡᠬᠦ ᠶᠢᠨ ᠬᠠᠮᠲᠤ ᠰᠣᠷᠢᠯᠲᠠ ᠬᠢᠭᠰᠡᠨ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠡᠶ᠃ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠳᠤ ᠲᠤᠬᠠᠶ ᠶᠢᠨ ᠲᠠᠯᠠᠪᠤᠷ ᠲᠤ ᠰᠡᠷᠡᠮᠵᠢᠯᠡᠭᠦᠯᠬᠦ ᠬᠥᠮᠦᠵᠢᠯ ᠬᠢᠵᠦ᠂ ᠠᠵᠤ ᠠᠬᠤᠶᠢᠯᠠᠯ ᠢ ᠠᠶᠤᠯᠭᠦᠶ  ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠬᠤ ᠲᠦᠷᠢᠮ ᠢ ᠴᠢᠩᠭ᠎ᠠ ᠰᠠᠬᠢᠵᠤ᠂ ᠳᠠᠯᠳᠠ ᠬᠡᠮ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠪᠠ ᠠᠷᠢᠯᠭᠠᠵᠤ᠂ ᠲᠠᠷᠤᠯᠳᠠᠳᠤ ᠰᠠᠪᠠ ᠶᠢ ᠬᠠᠤᠯᠢ ᠶᠣᠰᠣᠭᠠᠷ ᠬᠡᠷᠡᠭᠯᠡᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠪᠠ ᠬᠠᠮᠢᠶ᠎ᠠ ᠪᠥᠬᠦᠶ ᠠᠵᠢᠯ ᠡᠷᠭᠢᠯᠡᠭᠰᠡᠳ ᠲᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ᠂ ᠠᠵᠢᠯ ᠡᠷᠭᠢᠯᠡᠭᠰᠡᠳ ᠢ ᠬᠥᠲᠥᠯᠦᠨ ᠵᠢᠯᠣᠭᠤᠳᠴᠤ ᠪᠠᠶᠢᠭᠠᠳ ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠬᠤᠯᠠᠴᠢᠯᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠳᠠᠷᠤᠯᠲᠠᠲᠤ ᠰᠠᠪᠠ ᠶᠢᠨ ᠠᠮᠤᠷ ᠲᠦᠪᠰᠢᠨ ᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠪᠠᠶᠢᠳᠠᠯ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃
     ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠳᠠᠷᠤᠯᠲᠠᠲᠤ ᠰᠠᠪᠠ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ ᠤᠨ ᠳᠠᠷᠤᠯᠲᠠᠲᠤ ᠰᠠᠪᠠ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠳᠠᠷᠤᠯᠲᠠᠲᠤ ᠰᠠᠪᠠ ᠳᠤ ᠴᠢᠩᠭ᠎ᠠ ᠴᠣᠬᠢᠯᠲᠠ ᠥᠭᠴᠦ᠂ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠬᠠᠷᠢᠶᠠᠲᠤ ᠣᠷᠣᠨ ᠤ ᠳᠣᠲᠣᠷᠠᠬᠢ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃  ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1