ᠣᠷᠣᠨ ᠰᠠᠭᠤᠴᠠ ᠶᠢᠨ ᠠᠰᠠᠭᠤᠳᠠᠯ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠰᠠᠭᠤᠳᠠᠯ | ᠪᠣᠯᠬᠤ ᠪᠠᠷ ᠪᠠᠷᠠᠬᠤ ᠦᠭᠡᠢ ᠪᠠᠰᠠ ᠴᠤ ᠴᠢᠬᠤᠯᠠ ᠶᠡᠭᠡ ᠬᠥᠭᠵᠢᠯᠲᠡ ᠶᠢᠨ ᠠᠰᠠᠭᠤᠳᠠᠯ ᠪᠣᠯᠤᠨ᠎ᠠ᠃ 2024 ᠤᠨ | ᠪᠣᠯ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠳᠤᠮᠳᠠᠬᠢ | ᠲᠣᠰᠬᠤᠨ ᠢ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠩᠬᠠᠨ ᠤ ᠵᠢᠯ ᠪᠣᠯᠤᠨ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠂ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠬᠤᠪᠢᠶᠠᠬᠤ ᠠᠷᠭ᠎ᠠ ᠮᠠᠶ᠋ᠢᠭ ᠢᠶᠠᠷ ᠡᠯ᠎ᠡ ᠬᠤᠲᠠ ᠶᠢᠨ | ᠬᠠᠮᠢᠶ᠎ᠠ ᠪᠥᠬᠦᠶ ᠠᠵᠢᠯ ᠤᠨ ᠬᠠᠷᠢᠭᠤᠴᠠᠯᠭᠠᠲᠠᠨ ᠨᠥᠬᠦᠳ ᠢ ᠬᠤᠭᠤᠴᠠᠭ᠎ᠠ ᠪᠦᠯᠦᠭ ᠬᠤᠪᠢᠶᠠᠨ ᠪᠤᠯᠪᠠᠰᠤᠷᠠᠭᠤᠯᠪᠠ᠃ | 7 ᠳ᠋ᠤᠭᠠᠷ ᠰᠠᠷ᠎ᠠ ᠶᠢᠨ 16 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ ᠠᠴᠠ ᠭᠢᠷᠢᠨ ᠮᠤᠵᠢ ᠶᠢᠨ ᠴᠠᠩᠴᠦ᠋ᠨ ᠬᠤᠲᠠ ᠳᠤ ᠭᠤᠷᠪᠠᠳᠤᠭᠠᠷ ᠬᠤᠭᠤᠴᠠᠭᠠᠨ ᠤ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠳᠤᠮᠳᠠᠬᠢ | ᠲᠣᠰᠬᠤᠨ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠳᠤᠮᠳᠠᠬᠢ | ᠲᠣᠰᠬᠤᠨ ᠢ ᠥᠭᠡᠷᠡᠴᠢᠯᠡᠨ ᠪᠠᠶᠢᠭᠤᠯᠬᠤ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠵᠤ᠂ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠰᠣᠯᠢᠯᠴᠠᠨ ᠳᠡᠯᠭᠡᠷᠡᠭᠦᠯᠵᠦ᠂ ᠲᠠᠷᠠᠭᠠᠴᠢ ᠶᠢᠨ | ᠠᠯᠬᠤᠮ ᠤᠨ ᠠᠵᠢᠯ ᠤᠨ ᠡᠭᠦᠷᠭᠡ ᠪᠠ ᠱᠠᠭᠠᠷᠳᠠᠯᠭ᠎ᠠ ᠶᠢ ᠲᠣᠳᠣᠷᠬᠠᠶᠢᠯᠠᠨ᠂ ᠣᠷᠣᠨ ᠨᠤᠲᠤᠭ ᠢ ᠵᠢᠯᠣᠭᠤᠳᠤᠨ | ᠰᠢᠮᠳᠠᠭᠤᠯᠵᠤ ᠪᠠᠶᠢᠭᠠᠳ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ | ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠠᠵᠢᠯ ᠢ ᠬᠦᠴᠦᠲᠡᠶ ᠡᠮᠬᠢ ᠵᠢᠷᠤᠮ ᠲᠠᠢ | ᠪᠦᠲᠦᠮᠵᠢᠲᠡᠶ ᠠᠬᠢᠭᠤᠯᠤᠨ᠎ᠠ ᠭᠡᠵᠡᠢ᠃ | 2023 ᠣᠨ ᠤ 4 ᠳ᠋ᠤᠭᠡᠷ ᠰᠠᠷ᠎ᠠ ᠶᠢᠨ 28 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠤ᠂ ᠬᠡᠳᠦ ᠶᠡᠭᠡ ᠣᠨᠴᠠ ᠶᠡᠭᠡ ᠬᠤᠳᠠ ᠳᠤ | ᠬᠤᠳᠠ ᠶᠢᠨ ᠲᠤᠮᠳᠠᠬᠢ ᠲᠣᠰᠬᠤᠨ ᠤ ᠥᠭᠡᠷᠡᠴᠢᠯᠡᠯᠲᠡ ᠪᠣᠯᠤᠨ ︽ᠡᠩ ᠤᠨ ᠪᠠ ᠪᠠᠴᠢᠮ ᠪᠠᠶᠢᠳᠠᠯ ᠳᠤ ᠬᠡᠷᠡᠭᠯᠡᠬᠦ︾ | ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ | ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠦᠳᠦᠭᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ | ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠃ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢ ᠲᠥᠯᠥᠪᠵᠢᠭᠦᠯᠦᠨ ᠪᠠᠶᠢᠭᠤᠯᠬᠤ ᠨᠢ ᠶᠡᠭᠡ ᠬᠤᠲᠠ ᠶᠢᠨ ᠣᠷᠣᠨ ᠰᠠᠭᠤᠴᠠ ᠶᠢᠨ ᠵᠥᠷᠢᠴᠡᠯ ᠢ | ᠨᠠᠮᠳᠠᠭᠤᠯᠬᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠬᠤᠪᠢᠷᠠᠭᠤᠯᠬᠤ ᠪᠠ ᠴᠢᠨᠠᠷ ᠰᠠᠶᠢᠲᠠᠶ | ᠬᠥᠭᠵᠢᠯᠲᠡ ᠶᠢ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠬᠤ᠂ ᠪᠠᠯᠠ ᠣᠷᠣᠭᠤᠯᠤᠯᠲᠠ ᠶᠢᠨ | ᠬᠡᠷᠡᠭᠯᠡᠭᠡ ᠶᠢ ᠨᠠᠩ ᠰᠠᠶᠢᠲᠤᠷ ᠳᠠᠶᠢᠴᠢᠯᠠᠬᠤ᠂ ᠬᠤᠷᠸ᠎ᠠ ᠠᠵᠤ ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠳᠤ ᠠᠰᠢᠭᠲᠠᠶ ᠶᠤᠮ᠃ ᠬᠡᠲᠦ ᠶᠡᠭᠡ ᠣᠨᠴᠠ ᠶᠡᠭᠡ ᠬᠤᠲᠠ ᠶᠢᠨ ᠬᠤᠳᠠ ᠶᠢᠨ ᠲᠤᠮᠳᠠᠬᠢ ᠲᠣᠰᠬᠤᠨ ᠢ | ᠥᠭᠡᠷᠡᠴᠢᠯᠡᠨ ᠪᠠᠶᠢᠭᠤᠯᠬᠤ ᠨᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠳᠤᠲᠠᠭᠳᠠᠯ ᠢ | ᠠᠷᠢᠯᠭᠠᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠤ | ᠨᠥᠬᠦᠴᠡᠯ ᠢ ᠰᠠᠶᠢᠵᠢᠷᠠᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠪᠦᠲᠦᠴᠡ ᠶᠢ ᠰᠢᠯᠢᠳᠡᠭᠵᠢᠭᠦᠯᠬᠦ ᠳᠤ ᠠᠰᠢᠭᠲᠠᠶ ᠶᠤᠮ᠃ | ᠪᠠᠳᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠵᠤ᠂ ᠠᠷᠠᠳ ᠣᠯᠠᠨ ᠤ ᠰᠠᠭᠤᠬᠤ ᠠᠴᠠ ᠣᠷᠣᠨ ᠰᠠᠭᠤᠴᠠ ᠲᠠᠢ ᠪᠣᠯᠬᠤ ᠬᠦᠰᠡᠯ ᠡᠷᠡᠮᠡᠯᠵᠡᠯ ᠢ ᠨᠡᠩ | ᠰᠠᠶᠢᠨ ᠬᠠᠩᠬᠠᠨ᠎ᠠ᠃ ᠨᠢᠭᠡ ᠳᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ | ᠠᠬᠢᠭᠤᠯᠤᠨ᠎ᠠ᠃ ᠬᠤᠯᠪᠣᠭᠳᠠᠯ ᠪᠦᠬᠦᠢ ᠬᠤᠲᠠ ᠨᠤᠭᠤᠳ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢᠨ ᠪᠣᠳᠠᠲᠠᠶ ᠠᠵᠢᠯ ᠤᠨ ᠱᠠᠭᠠᠷᠳᠠᠯᠭ᠎ᠠ ᠪᠣᠯᠤᠨ ᠠᠩᠬᠠᠷᠴᠦ ᠡᠵᠡᠮᠰᠢᠬᠦ ᠴᠢᠬᠤᠯᠠ ᠲᠠᠢ | ᠠᠰᠠᠭᠤᠳᠠᠯ ᠢ ᠲᠣᠳᠣᠷᠬᠠᠶᠢᠯᠠᠵᠤ᠂ ᠲᠥᠪ ᠤᠨ ᠨᠥᠬᠦᠪᠥᠷᠢ᠂ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠭᠠᠵᠠᠷ ᠰᠢᠷᠣᠶ᠂ ᠢᠵᠢ ᠪᠦᠷᠢᠳᠦᠭᠦᠯᠬᠦ ᠮᠥᠩᠭᠦᠨ ᠭᠦᠢᠯᠭᠡᠭᠡᠨ | ᠪᠣᠯᠤᠨ ᠭᠠᠶᠢᠯᠢ ᠰᠦᠢᠳᠬᠡᠯ ᠤᠨ ᠬᠠᠷᠠᠭᠠᠯᠵᠠᠯ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ᠂ ᠨᠢᠭᠡᠨᠲᠡ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ | ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠭᠠᠨ ᠬᠡᠷᠡᠭᠯᠡᠬᠦ ᠶᠢ ᠠᠬᠢᠭᠤᠯᠤᠨ᠎ᠠ᠃ ᠲᠤᠰ | ᠭᠠᠵᠠᠷ ᠣᠷᠣᠨ ᠤ ᠪᠠᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠲᠠᠢ | ᠤᠶᠠᠯᠳᠤᠭᠤᠯᠤᠨ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ᠂ | ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠠᠳᠠᠭᠠᠯᠠᠯᠲᠠ ᠶᠢᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠠᠷ ᠬᠤᠳᠠᠯᠳᠤᠨ ᠠᠪᠬᠤ ᠶᠢ ᠲᠣᠭᠲᠠᠭᠠᠬᠤ ᠶᠢ ᠪᠠᠷᠢᠮᠲᠠᠯᠠᠨ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠢᠳᠡᠪᠬᠢᠯᠡᠨ ᠣᠯᠵᠤ᠂ ᠨᠥᠬᠦᠴᠡᠯ ᠪᠦᠷᠢᠳᠦᠭᠰᠡᠨ ᠲᠥᠷᠥᠯ ᠵᠦᠢᠯ ᠢ ᠲᠦᠷᠭᠡᠬᠡᠨ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠭᠤᠷᠪᠠ ᠳᠤ᠂ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠳᠤ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠦᠷᠨᠢᠭᠦᠯᠦᠨ᠎ᠡ | ᠃ ︽ᠪᠣᠬᠢᠷᠲᠤᠯ ᠥᠬᠡᠶ᠂ ᠪᠠᠭ᠎ᠠ ᠨᠡᠭᠦᠷᠡᠰᠦᠲᠥ᠋ᠷᠥᠭᠴᠢᠲᠦ᠂ ᠣᠶᠤᠨᠴᠢ᠂ ᠠᠮᠤᠷ ᠲᠦᠪᠰᠢᠨ︾ ᠤ ᠪᠠᠷᠢᠮᠵᠢᠶ᠎ᠠ | ᠶᠣᠰᠣᠭᠠᠷ᠂ ︽ᠰᠠᠶᠢᠨ ᠭᠡᠷ ᠪᠠᠶᠢᠰᠢᠩ︾ ᠤᠨ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠨᠡᠶᠢᠲᠡᠯᠢᠭ ᠬᠡᠷᠡᠭ ᠤᠨ | ᠵᠢᠱᠢᠶ᠎ᠡ ᠶᠢ ᠤᠬᠠᠭᠤᠯᠤᠨ᠂ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠵᠦ᠂ ᠠᠷᠠᠳ ᠣᠯᠠᠨ ᠳᠤ ᠨᠠᠩ | ᠲᠠᠭᠠᠯᠠᠮᠵᠢᠲᠠᠶ᠂ ᠨᠠᠩ ᠲᠥᠬᠦᠮ᠂ ᠨᠠᠩ ᠰᠠᠶᠢᠨ ᠰᠠᠶᠢᠬᠠᠨ ᠤᠷᠴᠢᠨ ᠲᠤᠭᠤᠷᠢᠨ ᠢ ᠤᠯᠭᠤᠬᠤ ᠬᠡᠷᠡᠭᠲᠡᠶ᠃ | ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ | ᠰᠢᠨ᠎ᠡ ᠪᠠᠶᠢᠳᠠᠯ ᠳᠣᠤᠷᠠᠬᠢ ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠰᠢᠨ᠎ᠡ ᠵᠠᠮ ᠢ ᠬᠠᠶᠢᠨ | ᠰᠦᠪᠡᠭᠴᠢᠯᠡᠬᠦ ᠬᠡᠷᠡᠭᠲᠡᠶ᠃ ᠨᠢᠭᠡ ᠳᠤ᠂ ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠬᠦ ᠬᠤᠯᠪᠣᠭᠳᠠᠯ ᠪᠦᠬᠦᠢ | ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ | ᠢᠳᠡᠪᠬᠢᠲᠡᠶ ᠪᠥᠭᠡᠳ ᠯᠠᠪᠳᠠᠭᠤᠨ ᠢᠶᠠᠷ ᠠᠵᠢᠯᠯᠠᠵᠤ᠂ ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠨ | ᠰᠢᠨᠡᠳᠬᠡᠬᠦ ᠣᠭ ᠰᠠᠨᠠᠭ᠎ᠠ ᠶᠢ ᠪᠠᠲᠤ ᠰᠠᠬᠢᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ | ᠬᠡᠮ ᠰᠣᠭᠤᠭ ᠢ ᠠᠷᠢᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠥᠭᠡᠷᠡᠴᠢᠯᠡᠨ | ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠤᠯᠭᠠᠮ᠎ᠠ᠂ ᠬᠤᠲᠠ ᠶᠢᠨ ᠠᠮᠤᠷ ᠲᠦᠪᠰᠢᠨ ᠪᠠ ᠨᠡᠶᠢᠭᠡᠮ ᠤᠨ | ᠵᠠᠰᠠᠯᠲᠠ ᠶᠢᠨ ᠬᠡᠮ ᠰᠣᠭᠤᠭ ᠣᠯᠠᠨ ᠬᠤᠲᠠ ᠶᠢᠨ ᠲᠤᠮᠳᠠᠬᠢ ᠲᠣᠰᠬᠤᠨ ᠳᠤ ᠤᠷᠢᠳ ᠢᠶᠠᠷ ᠲᠦᠷᠦᠯ ᠵᠦᠢᠯ | ᠬᠡᠷᠡᠭᠵᠢᠭᠦᠯᠵᠦ᠂ ︽ᠨᠢᠭᠡ ᠶᠢ ᠪᠣᠯᠪᠠᠰᠤᠷᠠᠩᠭᠤᠶ ᠪᠤᠯᠭᠠᠪᠠᠯ ᠨᠢᠭᠡ ᠶᠢ ᠠᠬᠢᠭᠤᠯᠵᠤ᠂ ᠨᠢᠭᠡ ᠶᠢ ᠬᠡᠷᠡᠭᠵᠢᠭᠦᠯᠪᠡᠯ | ᠨᠢᠭᠡ ᠶᠢ ᠪᠦᠲᠦᠭᠡᠬᠦ︾ ᠠᠵᠢᠯ ᠤᠨ ᠰᠡᠳᠬᠢᠴᠡ ᠶᠣᠰᠣᠭᠠᠷ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠶ | ᠶᠠᠪᠤᠳᠠᠯ ᠢ ᠪᠣᠳᠠᠲᠠᠶ ᠪᠠᠷ ᠬᠢᠬᠦ ᠶᠢ ᠦᠨᠡᠨ ᠬᠦ ᠪᠡᠶᠡᠯᠡᠭᠦᠯᠦᠨ᠎ᠡ᠃ ᠬᠤᠶᠠᠷ ᠲᠤ᠂ ᠭᠤᠤᠯᠳᠠᠯᠭ᠎ᠠ ᠲᠠᠢ ᠭᠤᠭᠴᠤᠭ᠎ᠠ ᠶᠢ | ᠲᠣᠬᠢᠲᠠᠶ ᠡᠵᠡᠮᠳᠡᠨ᠎ᠡ᠃ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠬᠦ ᠶᠠᠪᠤᠴᠠ ᠳᠤ ᠬᠠᠤᠯᠢ ᠶᠣᠰᠣᠭᠠᠷ | ᠲᠠᠲᠠᠪᠤᠷᠢᠯᠠᠬᠤ᠂ ᠴᠡᠪᠡᠷ ᠭᠠᠵᠠᠷ ᠢ ᠰᠢᠯᠵᠢᠭᠦᠯᠦᠨ ᠥᠭᠬᠦ ᠵᠠᠷᠴᠢᠮ ᠢ ᠪᠠᠷᠢᠮᠲᠠᠯᠠᠵᠤ᠂ ᠲᠣᠰᠬᠤᠨ ᠤ ᠠᠷᠠᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠵᠤ᠂ ᠠᠵᠤ ᠦᠢᠯᠡᠰ ᠢ ᠤᠷᠢᠳᠠᠪᠠᠷ ᠨᠡᠭᠦᠯᠭᠡᠬᠦ ᠶᠢ | ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠰᠠᠶᠢᠵᠢᠷᠠᠭᠤᠯᠬᠤ ᠶᠢ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠬᠤ ᠬᠡᠷᠡᠭᠲᠡᠶ᠃ | ᠭᠤᠷᠪᠠ ᠳᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃ ᠡᠯ᠎ᠡ ᠵᠦᠢᠯ | ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠲᠦᠯᠬᠢᠨ ᠠᠬᠢᠭᠤᠯᠵᠤ᠂ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠬᠤᠲᠠ ᠶᠢᠨ | ᠳᠤᠮᠳᠠᠬᠢ ᠲᠣᠰᠬᠤᠨ ᠢ ᠥᠭᠡᠷᠡᠴᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ | ᠬᠡᠷᠡᠭᠲᠡᠶ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠭᠦᠨᠵᠡᠭᠡᠶ ᠤᠶᠢᠯᠠᠭᠠᠨ ᠡᠵᠡᠮᠰᠢᠵᠦ᠂ ᠨᠡᠩ ᠰᠠᠶᠢᠨ ᠢᠶᠠᠷ ᠠᠵᠢᠯ ᠢᠶᠠᠨ | ᠠᠬᠢᠭᠤᠯᠬᠤ ᠰᠡᠳᠬᠢᠴᠡ ᠪᠠ ᠠᠷᠭ᠎ᠠ ᠶᠢ ᠰᠠᠶᠢᠲᠤᠷ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ | ᠴᠢᠩᠭᠠᠳᠬᠠᠵᠤ᠂ ᠨᠡᠩ ᠭᠦᠨᠵᠡᠭᠡᠢ ᠲᠠᠨᠢᠯᠲᠠ᠂ ᠨᠡᠩ ᠪᠠᠲᠤ ᠢᠲᠡᠭᠡᠯ ᠵᠣᠷᠢᠭ᠂ ᠨᠡᠩ ᠬᠦᠴᠦᠲᠡᠢ ᠠᠷᠭ᠎ᠠ | ᠬᠡᠮᠵᠢᠶ᠎ᠡ ᠪᠠᠷ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠲᠥᠯᠥᠪᠵᠢᠭᠦᠯᠦᠨ ᠪᠥᠲᠥᠭᠡᠨ ᠪᠠᠶᠢᠭᠤᠯᠬᠤ᠂ | ᠨᠢᠭᠡᠨᠲᠡ ᠪᠠᠶᠢᠭᠤᠯᠤᠭᠰᠠᠨ ᠦᠯᠡᠳᠡᠭᠳᠡᠯ ᠲᠠᠸᠠᠷ ᠤᠨ ᠬᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠵᠢᠴᠢ ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ | ᠠᠵᠢᠯ ᠢ ᠯᠠᠪᠳᠠᠭᠤᠨ ᠲᠤᠭᠳᠠᠬᠤᠨ ᠢᠶᠠᠷ ᠠᠬᠢᠭᠤᠯᠵᠦ᠂ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ᠂ | ᠬᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠬᠤᠪᠢᠷᠠᠭᠤᠯᠬᠤ ᠰᠢᠨ᠎ᠡ ᠥᠯᠢᠭᠡᠷ ᠢ ᠰᠠᠶᠢᠲᠤᠷ ᠤᠬᠠᠭᠤᠯᠵᠤ᠂ | ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠦᠨᠡᠨ ᠬᠦ ᠮᠡᠳᠡᠷᠡᠭᠦᠯᠦᠨ᠎ᠡ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |