ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠣᠶᠤᠨᠴᠢ ᠪᠣᠬᠢᠷᠳᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/14
      8 ᠳ᠋ᠤᠭᠠᠷ ᠰᠠᠷ᠎ᠠ ᠶᠢᠨ 12 ᠤᠨ ᠡᠳᠦᠷ᠂ ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠣᠶᠤᠨᠴᠢ ᠪᠣᠬᠢᠷᠳᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠪᠠ᠃    ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠣᠶᠤᠨᠴᠢ ᠪᠣᠬᠢᠷᠳᠤᠯ ᠦᠭᠡᠢ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠥᠪᠥᠷ ᠮᠣᠩᠭᠤᠯ ᠤᠨ  ᠲᠦᠷᠭᠡᠨ ᠤ ᠵᠠᠰᠠᠮᠠᠯ ᠵᠠᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠮᠠᠨ ᠤ ᠰᠢᠶᠠᠨ ᠤ ᠰᠢᠨ᠎ᠡ ᠡᠨᠧᠷᠭᠢ ᠶᠢᠨ ᠪᠣᠬᠢᠷᠳᠤᠯ ᠦᠭᠡᠢ ᠲᠡᠭᠡᠭᠡᠪᠦᠷᠢ ᠶᠢᠨ ᠵᠠᠮ ᠤᠨ ᠪᠠᠶᠢᠷᠢᠰᠢᠭᠤᠯᠤᠯᠲᠠ ᠶᠢᠨ ᠠᠩᠬᠠᠳᠠᠭᠴᠢ ᠴᠠᠬᠢᠯᠭᠠᠨ ᠴᠡᠨᠡᠭᠯᠡᠬᠦ ᠥᠷᠲᠡᠭᠡ ᠪᠠᠶᠢᠵᠤ᠂ ᠵᠠᠬ᠎ᠠ ᠳᠡᠯᠭᠡᠭᠦᠷ ᠤᠨ ᠴᠠᠬᠢᠯᠭᠠᠨ ᠴᠡᠨᠡᠭᠯᠡᠬᠦ ᠬᠦᠨᠳᠦ ᠠᠴᠢᠶᠠᠨ ᠤ ᠮᠠᠰᠢᠨ ᠤ ᠲᠣᠬᠢᠷᠠᠭᠤᠯᠤᠯᠲᠠ ᠶᠢᠨ ᠨᠣᠷᠮ᠎ᠠ 95% ᠳᠤ ᠬᠦᠷᠴᠦ᠂ ᠬᠥᠮᠥᠨ ᠦᠭᠡᠢ 24 ᠴᠠᠭ ᠤᠨ ᠪᠦᠷᠢᠨ ᠠᠦ᠋ᠲ᠋ᠣ᠋ ᠠᠵᠢᠯ ᠢ ᠪᠡᠶᠡᠯᠡᠭᠦᠯᠵᠦ᠂ ᠭᠠᠭᠴᠠ ᠡᠳᠦᠷ ᠤᠨ ᠬᠠᠮᠤᠭ ᠤᠨ ᠶᠡᠭᠡ ᠴᠠᠬᠢᠯᠭᠠᠨ ᠴᠡᠨᠡᠭᠯᠡᠬᠦ ᠴᠢᠳᠠᠪᠤᠷᠢ 168 ᠲᠡᠷᠭᠡ ᠤᠳᠠᠭ᠎ᠠ ᠳᠤ ᠬᠦᠷᠴᠦ᠂ ᠨᠡᠭᠡᠭᠡᠯᠲᠡ ᠶᠢᠨ ᠲᠣᠭᠤᠷᠢᠭ ᠤᠨ ᠬᠡᠷᠡᠭᠯᠡᠬᠦ ᠲᠡᠷᠭᠡ ᠵᠡᠷᠭᠡ ᠪᠤᠰᠤᠳ ᠲᠡᠷᠭᠡᠨ ᠤ ᠬᠡᠯᠪᠡᠷᠢ ᠳᠤ ᠴᠠᠬᠢᠯᠭᠠᠨ ᠴᠡᠨᠡᠭᠯᠡᠬᠦ ᠦᠢᠯᠡᠴᠢᠯᠡᠭᠡ ᠬᠠᠩᠭᠠᠵᠤ ᠪᠣᠯᠣᠨ᠎ᠠ᠃      ᠲᠣᠰ ᠤᠳᠠᠭᠠᠨ ᠤ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠬᠦ ᠪᠣᠯ ᠮᠠᠨ ᠤ ᠰᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠬᠦ︾ ︽ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ︾ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠠᠭᠠᠨ ᠤ ᠭᠦᠢᠯᠭᠡᠭᠡᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠴᠡᠪᠡᠷ ᠡᠨᠧᠷᠭᠢ ᠶᠢᠨ ᠲᠡᠭᠡᠭᠡᠪᠦᠷᠢ ᠶᠢ ᠳᠡᠯᠭᠡᠷᠡᠭᠦᠯᠬᠦ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ᠂ ᠳᠠᠬᠢᠨ ᠡᠭᠦᠰᠴᠦ ᠪᠣᠯᠬᠤ ᠡᠨᠧᠷᠭᠢ ᠶᠢ ᠣᠷᠣᠯᠠᠭᠤᠯᠬᠤ ᠢᠨᠵᠧᠨᠧᠷᠢᠩ᠂ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠤᠨ ᠳᠠᠷᠠᠭᠠᠬᠢ ᠪᠠᠰᠠ ᠨᠢᠭᠡᠨ ᠰᠢᠨ᠎ᠡ ᠡᠨᠧᠷᠭᠢ ᠶᠢᠨ ᠲᠥᠷᠥᠯ ᠵᠦᠢᠯ ᠮᠥᠨ᠂ ᠨᠡᠭᠡᠭᠡᠨ ᠬᠥᠭᠵᠢᠭᠦᠯᠬᠦ ᠣᠷᠣᠨ ᠤ ᠪᠣᠬᠢᠷᠲᠤᠯ ᠥᠬᠡᠶ ᠬᠡᠯᠪᠡᠷᠢ ᠬᠤᠪᠢᠷᠠᠭᠤᠯᠤᠨ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠤᠨ᠎ᠠ᠃ ᠲᠣᠰ ᠲᠥᠷᠥᠯ ᠵᠦᠢᠯ ᠨᠢ ᠨᠡᠭᠡᠭᠡᠯᠲᠡ ᠶᠢᠨ ᠲᠣᠭᠤᠷᠢᠭ ᠤᠨ ᠳ᠋ᠠ ᠲᠠᠩ  ᠲᠤᠭᠳᠠᠬᠤ ᠴᠠᠬᠢᠯᠭᠠᠨ᠂ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠺᠣᠮᠫᠠᠨᠢ ᠶᠢᠨ ᠨᠡᠭᠦᠷᠡᠰᠦᠨ ᠤ ᠪᠣᠬᠢᠷᠲᠤᠯ ᠥᠬᠡᠶ ᠲᠡᠭᠡᠭᠡᠪᠦᠷᠢ ᠶᠢ ᠥᠨᠳᠥᠷ ᠪᠦᠲᠦᠮᠵᠢᠲᠡᠶ ᠪᠠᠷ ᠪᠠᠲᠤᠯᠠᠵᠤ ᠴᠢᠳᠠᠬᠤ ᠪᠠᠷ ᠪᠠᠷᠠᠬᠤ ᠥᠬᠡᠶ᠂ ᠠᠵᠤ ᠠᠬᠤᠶᠢᠯᠠᠯ ᠤᠨ ᠪᠠᠷᠠᠭᠠᠨ ᠤ  ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ᠂ ᠠᠭᠠᠷ ᠮᠠᠨᠳᠠᠯ᠂ ᠲᠠᠭᠤ ᠱᠤᠤᠭᠢᠶᠠᠨ ᠤ ᠪᠣᠬᠢᠷᠲᠤᠯ ᠢ ᠪᠠᠭᠠᠰᠬᠠᠬᠤ᠂ ᠵᠠᠮ ᠤᠨ ᠡᠷᠬᠢᠨ ᠲᠣᠭᠤᠷᠢᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1