ᠬᠤᠳᠠ ᠪᠣᠯ ᠤᠳᠤ ᠦᠶ᠎ᠡ ᠶᠢᠨ ᠪᠣᠯᠪᠠᠰᠤᠨ ᠤ ᠬᠤᠷᠢᠶᠠᠩᠭᠤᠢ ᠳᠦᠷᠰᠦ ᠮᠥᠨ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ | ᠣᠳᠣᠬᠠᠨ ᠳᠤ ᠬᠤᠲᠠ ᠶᠢᠨ ᠬᠥᠭᠵᠢᠯᠲᠡ ᠨᠢ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠵᠤ | ᠂ ᠶᠡᠭᠡ ᠬᠡᠪᠴᠢᠶᠡᠨ ᠤ ᠨᠡᠮᠡᠭᠳᠡᠯ ᠪᠦᠲᠦᠭᠡᠨ ᠪᠠᠶᠢᠭᠤᠯᠤᠯᠲᠠ ᠠᠴᠠ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ | ᠪᠠ ᠨᠡᠮᠡᠭᠳᠡᠯ ᠪᠦᠲᠦᠴᠡ ᠶᠢ ᠲᠤᠬᠢᠷᠠᠭᠤᠯᠬᠤ ᠶᠢ ᠵᠡᠷᠭᠡᠪᠡᠷ ᠴᠢᠬᠤᠯᠠᠴᠢᠯᠠᠬᠤ ᠪᠣᠯᠵᠤ᠂ ︽ᠪᠠᠶᠢᠬᠤ ᠡᠰᠡᠬᠦ︾ ᠠᠴᠠ ︽ | ᠰᠠᠶᠢᠨ ᠡᠰᠡᠬᠦ︾ ᠲᠡᠰᠢ ᠬᠤᠪᠢᠷᠠᠵᠤ ᠪᠠᠶᠢᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠪᠣᠯ | ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢᠨ ᠴᠢᠬᠤᠯᠠ ᠡᠭᠦᠷᠭᠡ ᠶᠢᠨ ᠨᠢᠭᠡ ᠪᠠᠶᠢᠵᠤ᠂ ᠬᠤᠲᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠰᠢᠰᠲ᠋ᠧᠮᠲᠦ ᠰᠡᠳᠬᠢᠬᠦᠢ ᠶᠢ ᠪᠤᠢ ᠪᠣᠯᠭᠠᠵᠤ᠂ ᠳᠣᠲᠣᠷ᠎ᠠ ᠭᠠᠳᠠᠨᠠᠬᠢ ᠶᠢ ᠵᠡᠷᠭᠡ ᠪᠠᠷ ᠵᠠᠰᠠᠬᠤ ᠬᠤᠳᠠ ᠶᠢᠨ | ᠣᠷᠴᠢᠨ ᠲᠣᠭᠤᠷᠢᠨ ᠢ ᠪᠤᠢ ᠪᠣᠯᠭᠠᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠳᠤ᠂ ᠬᠤᠲᠠ ᠶᠢᠨ ᠳᠦᠷᠢ | ᠲᠥᠷᠬᠦ ᠶᠢ ᠰᠠᠶᠢᠵᠢᠷᠠᠭᠤᠯᠬᠤ᠂ ᠬᠤᠲᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ | ᠣᠶᠢᠯᠠᠭᠠᠭᠳᠠᠬᠤᠨ ᠤ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠣᠳᠣᠬᠠᠨ ᠤ ᠪᠠ ᠠᠯᠤᠰ ᠬᠡᠲᠦ ᠶᠢᠨ᠂ ᠬᠡᠰᠡᠭ | ᠲᠠᠯ᠎ᠠ ᠪᠠ ᠪᠦᠬᠦᠯᠢ ᠴᠣᠭᠴᠠ᠂ ᠬᠤᠷᠸ᠎ᠠ ᠲᠠᠯ᠎ᠠ ᠪᠠ ᠬᠤᠮᠠᠬᠢ ᠲᠠᠯ᠎ᠠ ᠶᠢ ᠰᠠᠶᠢᠲᠤᠷ ᠨᠢᠭᠡᠳᠦᠯᠲᠡᠶ ᠲᠥᠯᠥᠪᠯᠡᠵᠦ᠂ | ᠬᠥᠮᠦᠨ᠂ ᠦᠢᠯᠡᠳᠪᠦᠷᠢᠯᠡᠯ᠂ ᠬᠤᠲᠠ ᠵᠡᠷᠭᠡ ᠶᠢ ᠪᠦᠬᠦᠯᠢ ᠴᠣᠭᠴᠠ ᠪᠠᠷ ᠦᠵᠡᠵᠦ᠂ ᠡᠯᠧᠮᠧᠨᠲ᠂ ᠪᠦᠲᠦᠴᠡ᠂ | ᠴᠢᠳᠠᠮᠵᠢ ᠵᠡᠷᠭᠡ ᠲᠠᠯ᠎ᠠ ᠠᠴᠠ ᠭᠠᠷᠳᠠᠵᠤ᠂ ᠰᠢᠰᠲ᠋ᠧᠮᠲᠦ ᠴᠢᠨᠠᠷᠲᠠᠶ ᠪᠠᠷ ᠲᠥᠯᠥᠪᠵᠢᠭᠦᠯᠦᠨ ᠪᠠᠶᠢᠭᠤᠯᠬᠤ ᠶᠢ | ᠥᠷᠨᠢᠭᠦᠯᠵᠦ᠂ ᠦᠢᠯᠡᠳᠪᠦᠷᠢᠯᠡᠯ᠂ ᠠᠮᠢᠳᠤᠷᠠᠯ ᠪᠠ ᠠᠮᠢ ᠠᠬᠤᠶ ᠶᠢᠨ ᠣᠷᠣᠨ ᠪᠦᠰᠡ ᠶᠢᠨ ᠣᠷᠭᠠᠨᠢᠭ | ᠠᠭᠤᠰᠤᠯᠴᠠᠯ ᠢ ᠠᠬᠢᠭᠤᠯᠤᠨ᠂ ᠠᠵᠤ ᠠᠬᠤᠶ᠂ ᠨᠡᠶᠢᠭᠡᠮ ᠪᠠ ᠠᠮᠢ ᠠᠬᠤᠶ ᠶᠢᠨ ᠦᠷ᠎ᠡ ᠠᠰᠢᠭ ᠤᠨ ᠣᠷᠭᠠᠨᠢᠭ | ᠨᠢᠭᠡᠳᠦᠯ ᠢ ᠪᠡᠶᠡᠯᠡᠭᠦᠯᠬᠦ ᠬᠡᠷᠡᠭᠲᠡᠶ᠃ ᠰᠢ ᠠᠨ ᠬᠤᠲᠠ ᠶᠢᠨ ᠵᠢᠶᠠᠨ ᠭᠦᠸᠧ ᠮᠧᠨ ᠢᠳᠡᠰᠢᠨ ᠨᠣᠭᠤᠭ᠎ᠠ ᠶᠢᠨ | ᠲᠠᠯᠠᠪᠠᠶ ᠶᠢᠨ ᠰᠣᠶᠣᠯ ᠤᠨ ᠪᠦᠲᠦᠭᠡᠯᠴᠢ ᠵᠡᠭᠡᠯᠢ ᠲᠣᠭᠤᠷᠢᠭ ᠤᠨ ᠲᠥᠷᠥᠯ ᠵᠦᠢᠯ ᠨᠢ ᠲᠣᠭᠤᠷᠢᠭ ᠲᠠᠭᠠᠨ | ᠨᠢᠭᠡᠳᠦᠯᠲᠡᠶ ᠲᠥᠯᠥᠪᠵᠢᠭᠦᠯᠭᠡ ᠬᠢᠵᠦ ᠵᠢᠷᠤᠭᠯᠠᠨ ᠲᠥᠯᠥᠪᠯᠡᠵᠦ᠂ ᠬᠠᠷᠢᠶᠠᠲᠤ ᠣᠷᠣᠨ ᠤ ᠡᠬᠢ ᠪᠠᠶᠠᠯᠢᠭ ᠤᠨ | ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠵᠡᠭᠡᠯᠢ ᠲᠣᠭᠤᠷᠢᠭ ᠤᠨ ᠤᠤᠯ ᠲᠦᠷᠰᠦ ᠪᠠᠶᠢᠳᠠᠯ᠂ ᠪᠠᠷᠢᠯᠭ᠎ᠠ ᠶᠢᠨ | ᠭᠤᠤᠯ ᠴᠣᠭᠴᠠ ᠶᠢᠨ ᠪᠦᠲᠦᠴᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠵᠤ᠂ ᠠᠮᠢᠳᠤᠷᠠᠯ ᠬᠢᠭᠡᠳ ᠴᠠᠭ ᠤᠨ | ᠦᠶ᠎ᠡ ᠶᠢᠨ ᠡᠯᠧᠮᠧᠨᠲ ᠢ ᠠᠭᠤᠰᠤᠯᠴᠠᠭᠤᠯᠤᠨ᠂ ᠪᠠᠷᠢᠯᠭ᠎ᠠ ᠶᠢᠨ ᠭᠠᠳᠠᠭᠠᠳᠤ ᠲᠦᠷᠢ ᠶᠢ ᠥᠭᠡᠷᠡᠴᠢᠯᠡᠬᠦ ᠪᠠ ᠣᠷᠴᠢᠨ | ᠲᠣᠭᠤᠷᠢᠨ ᠤ ᠪᠡᠯᠡᠳᠬᠡᠮᠵᠢ ᠶᠢ ᠰᠡᠯᠪᠢᠨ ᠵᠠᠰᠠᠬᠤ ᠵᠡᠷᠭᠡ ᠪᠠᠷ ᠳᠠᠮᠵᠢᠭᠤᠯᠤᠨ᠂ ᠣᠨᠴᠠᠯᠢᠭᠲᠤ ᠲᠠᠯᠠᠪᠤᠷ ᠭᠠᠵᠠᠷ ᠤᠨ | ᠣᠷᠣᠨ ᠪᠦᠰᠡ — ᠬᠤᠲᠠ ᠶᠢᠨ ︽ᠰᠢᠨ᠎ᠡ ᠭᠠᠵᠠᠷ ᠤᠨ ᠲᠡᠮᠳᠡᠭ︾ ᠢ ᠪᠤᠢ ᠪᠤᠯᠭᠠᠵᠠᠢ᠃ | ᠠᠷᠠᠳ ᠤᠨ ᠬᠤᠲᠠ ᠶᠢᠨ ᠬᠤᠪᠢ ᠳᠤ᠂ ᠬᠥᠮᠦᠨ ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ ᠶᠢ ᠪᠦᠬᠦ | ᠶᠠᠪᠤᠴᠠ ᠳᠤ ᠲᠤᠭᠤᠰᠢᠯᠠᠭᠤᠯᠤᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠳᠤ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ | ᠬᠠᠷᠠᠯᠲᠠ ᠪᠣᠯᠭᠠᠵᠤ᠂ ᠴᠢᠳᠠᠮᠵᠢ ᠨᠢ ᠪᠦᠷᠢᠨ ᠲᠡᠭᠦᠯᠳᠡᠷ ᠬᠤᠲᠠ ᠶᠢᠨ ᠪᠡᠯᠡᠳᠭᠡᠮᠵᠢ ᠶᠢᠨ ᠱᠠᠭᠠᠷᠳᠠᠯᠭ᠎ᠠ ᠶᠢᠨ | ᠲᠣᠭᠤᠷᠢᠨ ᠳᠤ᠂ ᠬᠤᠲᠠ ᠶᠢᠨ ᠪᠡᠯᠡᠳᠭᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠳᠠᠪᠠᠭᠤᠯᠢᠭ ᠲᠠᠯ᠎ᠠ ᠪᠠᠨ ᠬᠦᠴᠦᠯᠡᠨ ᠪᠣᠯᠪᠠᠰᠤᠷᠠᠭᠤᠯᠵᠤ᠂ ᠲᠤᠳᠠᠭᠳᠠᠯ ᠢᠶᠠᠨ ᠨᠥᠬᠦᠪᠥᠷᠢᠯᠡᠵᠦ᠂ ᠬᠤᠲᠠ ᠶᠢᠨ ᠰᠢᠨ᠎ᠡ | ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠠᠷᠠᠳ ᠤᠨ ᠠᠮᠢᠳᠤᠷᠠᠯ ᠤᠨ ︽ᠳᠤᠯᠠᠭᠠᠨ ᠤ | ᠬᠡᠮᠵᠢᠶ᠎ᠡ︾ ᠪᠠᠷ ᠵᠣᠯ ᠵᠢᠷᠭᠠᠯ ᠤᠨ ︽ᠬᠡᠮᠵᠢᠶᠡᠰᠦ︾ ᠶᠢ ᠰᠢᠨᠡᠳᠬᠡᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠲᠡᠭᠡᠭᠰᠢᠯᠡᠭᠦᠯᠦᠨ᠎ᠡ᠃ | ᠱᠠᠩᠬᠠᠶ ᠬᠤᠲᠠ ᠶᠢᠨ ᠶᠠᠩ ᠫᠦ᠋ ᠪᠢᠨ ᠵᠢᠶᠠᠩ ᠣᠯᠠᠨ ᠨᠡᠶᠢᠲᠡ ᠶᠢᠨ ᠣᠷᠣᠨ ᠪᠦᠰᠡ ᠳᠤ ᠰᠠᠭᠠᠳ ᠥᠬᠡᠶ ᠣᠷᠴᠢᠨ | ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ | ᠥᠭᠬᠦ︾ ᠶᠢ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤᠮᠳᠠ ᠢᠯᠡᠷᠡᠭᠦᠯᠵᠦ᠂ ᠰᠣᠨᠣᠷ ᠤᠨ ᠰᠠᠭᠠᠳ᠂ | ᠬᠠᠷᠠᠭᠠᠨ ᠤ ᠰᠠᠭᠠᠳ᠂ ᠵᠡᠮᠳᠡᠭ ᠵᠡᠷᠭᠡ ᠣᠨᠴᠠᠭᠠᠶ ᠬᠥᠮᠦᠰ ᠤᠨ ᠪᠣᠳᠠᠲᠤ ᠬᠡᠷᠡᠭᠴᠡᠭᠡ ᠶᠢ ᠭᠦᠢᠴᠡᠳ ᠪᠣᠳᠣᠯᠬᠢᠯᠠᠨ᠂ | ︽ᠪᠢᠨ ᠵᠢᠶᠠᠩ ᠤᠨ ᠰᠢᠯᠢᠳᠡᠭ ᠬᠠᠷᠠᠭ᠎ᠠ ︾ ᠪᠠᠷ ᠬᠠᠷᠠᠯᠲᠠ ᠪᠣᠯᠭᠠᠵᠤ᠂ ᠣᠨᠴᠠᠭᠠᠶ ᠬᠠᠮᠲᠤᠯᠢᠭ ᠲᠤ ᠲᠠᠪᠴᠠᠩ ᠤᠨ | ᠳᠥᠭᠦᠮ ᠳᠥᠲᠡ ᠶᠢ ᠡᠳ᠋ᠯᠡᠭᠦᠯᠵᠦ᠂ ᠨᠡᠶᠢᠭᠡᠮ ᠨᠡᠶᠢᠲᠡ ᠶᠢᠨ ᠡᠷᠬᠡ ᠲᠡᠭᠰᠢ ᠪᠠᠷ ᠣᠷᠣᠯᠴᠠᠬᠤ ᠶᠢ ᠪᠠᠲᠤᠯᠠᠵᠤ᠂ ᠴᠢᠨᠠᠷ | ᠰᠠᠶᠢᠲᠠᠶ ᠠᠮᠢᠳᠤᠷᠠᠯ ᠢ ᠨᠠᠩ ᠰᠠᠶᠢᠨ ᠡᠳ᠋ᠯᠡᠭᠦᠯᠵᠦ᠂ ᠲᠥᠷᠥᠯ ᠵᠦᠢᠯ ᠢ ᠦᠨᠡᠨ ᠬᠦ ᠣᠯᠠᠨ ᠲᠦᠮᠡᠨ ᠤ ᠰᠠᠨᠠᠭ᠎ᠠ ᠠᠮᠤᠷ | ᠂ ᠲᠤᠳᠤᠨᠤᠰᠤᠭ᠂ ᠰᠡᠳᠬᠢᠯ ᠢ ᠲᠤᠯᠠᠭᠠᠴᠠᠭᠤᠯᠬᠤ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠪᠠ᠃ | ᠬᠠᠶᠠᠭᠳᠠᠮᠠᠯ ᠡᠳ᠋ ᠢ ᠡᠷᠳᠡᠨᠢ ᠪᠣᠯᠭᠠᠨ ᠬᠤᠪᠢᠷᠠᠭᠤᠯᠵᠤ᠂ ᠦᠷ᠎ᠡ ᠠᠰᠢᠭ ᠢᠶᠠᠷ ᠳᠣᠤᠷ᠎ᠠ ᠰᠤᠯᠠ ᠪᠠᠶᠢᠭ᠎ᠠ ᠡᠬᠢ | ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠤᠨ᠎ᠠ᠃ ᠬᠤᠲᠠ ᠶᠢᠨ ᠴᠢᠳᠠᠮᠵᠢ ᠶᠢ | ᠲᠡᠭᠦᠯᠳᠡᠷᠵᠢᠭᠦᠯᠬᠦ ᠨᠢ ᠦᠯᠡᠳᠡᠭᠡᠯ ᠡᠬᠢ ᠪᠠᠶᠠᠯᠢᠭ ᠢ ᠴᠢᠯᠥᠭᠡᠲᠡᠶ ᠪᠣᠯᠭᠠᠬᠤ ᠶᠢ ᠬᠤᠲᠠ ᠶᠢᠨ ᠰᠢᠨᠡᠴᠢᠯᠡᠯᠳᠡ ᠶᠢᠨ | ᠴᠢᠬᠤᠯᠠ ᠠᠭᠤᠯᠭ᠎ᠠ ᠪᠣᠯᠭᠠᠵᠤ᠂ ᠦᠯᠡᠳᠡᠭᠡᠯ ᠡᠳ᠋ ᠬᠥᠷᠥᠩᠭᠡ ᠶᠢᠨ ᠳᠠᠯᠳᠠ ᠦᠷ᠎ᠡ ᠠᠰᠢᠭ ᠢ ᠭᠦᠨᠵᠡᠭᠡᠶ ᠠᠭᠤᠳᠠᠯᠵᠤ | ᠂ ᠰᠤᠯᠠ ᠪᠠᠶᠢᠭ᠎ᠠ ᠪᠤᠶᠤ ᠳᠣᠤᠷᠠᠦᠷᠡ ᠠᠰᠢᠭᠳᠤ ᠭᠠᠵᠠᠷ ᠰᠢᠷᠣᠶ ᠪᠣᠯᠤᠨ ᠪᠠᠷᠢᠯᠭ᠎ᠠ ᠶᠢ ︽ᠠᠮᠢᠳᠤᠯᠢᠭ︾ | ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠬᠦ ᠴᠢᠳᠠᠮᠵᠢᠲᠤ ᠣᠷᠣᠨ ᠪᠣᠯᠭᠠᠨ ᠬᠤᠪᠢᠷᠠᠭᠤᠯᠵᠤ᠂ ᠡᠬᠢ | ᠪᠠᠶᠠᠯᠢᠭ ᠢ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠦᠨ᠂ ᠬᠤᠲᠠ ᠶᠢᠨ ᠠᠭᠤᠯᠤᠭᠳᠠᠬᠤᠨ ᠮᠠᠶ᠋ᠢᠭ ᠤᠨ | ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠠᠨᠴᠠᠩ ᠬᠤᠲᠠ ᠶᠢᠨ ᠯᠸᠢ ᠭᠦᠩ ᠣᠣ ᠰᠣᠶᠣᠯ ᠪᠡᠶ᠎ᠡ ᠶᠢᠨ ᠲᠠᠮᠢᠷ ᠤᠨ | ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠨᠢ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠤᠨ ᠰᠤᠯᠠ ᠪᠠᠶᠢᠭ᠎ᠠ ᠭᠠᠵᠠᠷ ᠰᠢᠷᠣᠶ ᠶᠢ ᠪᠦᠲᠦᠮᠵᠢᠲᠡᠶ ᠠᠮᠢᠳᠤᠯᠢᠭ ᠪᠣᠯᠭᠠᠵᠤ᠂ ᠤᠯᠠᠮᠵᠢᠯᠠᠯᠳᠦ | ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠶᠢ ᠦᠭᠡᠷᠡᠴᠢᠯᠡᠨ ᠲᠡᠰ ᠲᠡᠪᠰᠢᠭᠦᠯᠵᠦ᠂ ᠪᠡᠶ᠎ᠡ | ᠴᠢᠭᠢᠷᠠᠭᠵᠢᠭᠤᠯᠬᠤ᠂ ᠰᠣᠶᠣᠯ ᠤᠨ ᠳᠡᠯᠭᠡᠨ ᠦᠵᠡᠭᠦᠯᠦᠯᠭᠡ᠂ ᠰᠣᠶᠣᠯ ᠤᠨ ᠡᠭᠦᠳᠦᠯᠲᠡ᠂ ᠵᠤᠭ᠎ᠠ ᠴᠡᠩᠭᠡᠯ᠂ | ᠦᠢᠯᠡᠴᠢᠯᠡᠭᠡᠨ ᠤ ᠢᠵᠢ ᠪᠦᠷᠢᠳᠦᠭᠦᠯᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠰᠣᠶᠣᠯ ᠪᠡᠶ᠎ᠡ ᠶᠢᠨ | ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠪᠣᠯᠭᠠᠨ ᠦᠭᠡᠷᠡᠴᠢᠯᠡᠪᠡ᠃ ᠬᠠᠮᠠᠭᠠᠯᠠᠯᠲᠠ ᠶᠢᠨ ᠳᠤᠮᠳᠠ | ᠰᠤᠯᠠ ᠪᠠᠶᠢᠭ᠎ᠠ ᠭᠠᠵᠠᠷ ᠰᠢᠷᠣᠶ ᠶᠢ ᠠᠮᠢᠳᠤᠯᠢᠭ ᠢᠶᠠᠷ ᠠᠰᠢᠭᠯᠠᠬᠤ᠂ ᠲᠡᠤᠬᠡ ᠶᠢᠨ ᠪᠠᠷᠢᠯᠭ᠎ᠠ ᠶᠢᠨ ᠠᠮᠢᠵᠢᠷᠠᠯ ᠤᠨ | ᠬᠦᠴᠦᠨ ᠢ ᠪᠠᠳᠠᠷᠠᠭᠤᠯᠬᠤ᠂ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢ | ᠪᠡᠶᠡᠯᠡᠭᠦᠯᠵᠦ᠂ ︽ᠤᠯᠠᠨ ᠶᠠᠪᠤᠳᠠᠯ ᠢ ᠵᠡᠷᠭᠡᠪᠡᠷ ᠪᠦᠳᠦᠭᠡᠬᠦ︾ ᠦᠷ᠎ᠡ ᠪᠦᠲᠦᠮᠵᠢ ᠶᠢ ᠪᠣᠶ ᠪᠣᠯᠭᠠᠪᠠ᠃ | ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠪᠣᠯ ᠴᠠᠭ ᠦᠶ᠎ᠡ ᠶᠢᠨ ᠬᠡᠷᠡᠭᠴᠡᠭᠡ ᠮᠦᠨ᠂ ᠮᠦᠨᠴᠦ | ᠠᠷᠠᠳ ᠤᠨ ᠰᠡᠳᠬᠢᠯ ᠤᠨ ᠬᠠᠨᠳᠤᠰᠢ ᠮᠥᠨ᠃ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ᠂ | ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ | ᠨᠡᠶᠢᠴᠡᠭᠦᠯᠵᠦ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠬᠤᠳᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠳᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠲᠤᠳᠤᠭᠠᠳᠤ ᠠᠭᠤᠯᠤᠭᠳᠠᠬᠤᠨ ᠬᠡᠯᠪᠡᠷᠢ ᠶᠢᠨ᠂ ᠡᠷᠴᠢᠮᠵᠢᠭᠦᠯᠦᠭᠰᠡᠨ ᠬᠡᠯᠪᠡᠷᠢ ᠶᠢᠨ᠂ ᠪᠣᠬᠢᠷᠲᠤᠯ | ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠵᠢᠯᠯᠠᠬᠤ ᠳᠤ ᠲᠣᠬᠢᠷᠠᠮᠵᠢᠲᠠᠢ᠂ ᠣᠷᠣᠰᠢᠨ | ᠰᠠᠭᠤᠬᠤ ᠳᠤ ᠲᠣᠬᠢᠷᠠᠮᠵᠢᠲᠠᠢ᠂ ᠴᠡᠩᠭᠡᠯ ᠪᠠᠶᠠᠰᠤᠯ ᠳᠤ ᠲᠤᠬᠢᠷᠠᠮᠵᠢᠳᠠᠢ᠂ ᠵᠤᠭᠠᠴᠠᠯ ᠳᠤ ᠲᠣᠬᠢᠷᠠᠮᠵᠢᠲᠠᠢ ᠰᠠᠶᠢᠨ | ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠠᠷᠠᠳ ᠲᠦᠮᠡᠨ ᠳᠤ ᠨᠡᠩ ᠵᠣᠯ ᠵᠢᠷᠭᠠᠯᠲᠤ ᠰᠠᠶᠢᠨ | ᠰᠠᠶᠢᠬᠠᠨ ᠠᠮᠢᠳᠤᠷᠠᠯ ᠢ ᠡᠭᠦᠳᠴᠦ ᠦᠭᠭᠦᠨ᠎ᠡ᠃ | ᠢᠷᠡᠯᠳᠡ᠄ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠰᠤᠨᠢᠨ |