ᠵᠡᠷᠭᠡᠯᠡᠳᠡᠭᠡ ᠠᠶᠢᠯ ᠤᠨ ᠬᠢᠨ ᠪᠠᠭᠤᠳᠠᠯ ᠡᠷᠬᠢᠯᠡᠪᠡᠯ᠂ ᠡᠵᠡᠩᠨᠡᠯᠲᠡ  ᠶᠢ ᠨᠢ ᠵᠣᠭᠰᠣᠭᠠᠬᠤ ᠪᠠᠷ ᠱᠠᠭᠠᠷᠳᠠᠵᠤ ᠪᠤᠯᠤᠨ᠎ᠠ ᠤᠤ︖
ᠨᠡᠶᠢᠲᠡᠯᠡᠭᠰᠡᠨ ᠴᠠᠭ᠄
2024/8/14
       ᠭᠸᠡᠭ ᠣᠪᠣᠭᠲᠤ ᠵᠢᠶᠠᠩᠰᠦ ᠮᠤᠵᠢ ᠶᠢᠨ ᠬᠤᠸᠠᠢ ᠠᠨ ᠬᠤᠲᠠ ᠶᠢᠨ ᠲᠥᠪ ᠲᠤ ᠨᠢᠭᠡᠨ ᠰᠢᠨ᠎ᠡ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠢᠭᠡ ᠢᠵᠢ ᠲᠠᠸᠠᠷ ᠤᠨ ᠭᠡᠷ ᠪᠠᠶᠢᠰᠢᠩ ᠬᠤᠳᠠᠯᠳᠤᠨ ᠠᠪᠴᠠᠶ᠃ ᠨᠢᠭᠡ ᠬᠡᠰᠡᠭ ᠬᠤᠭᠤᠴᠠᠭ᠎ᠠ ᠰᠠᠭᠤᠭᠰᠠᠨ ᠤ ᠳᠠᠷᠠᠭ᠎ᠠ᠂ ᠭᠧᠩ ᠣᠪᠣᠭᠲᠤ ᠶᠢᠨ ᠵᠡᠷᠭᠡᠯᠡᠳᠡᠭᠡ ᠠᠶᠢᠯ ᠳᠤ ᠦᠷᠭᠦᠯᠵᠢ ᠳᠡᠭᠡᠨ ᠲᠠᠨᠢᠯ ᠪᠤᠰᠤ ᠬᠥᠮᠦᠨ ᠪᠤᠭᠴᠤ ᠠᠴᠢᠶ᠎ᠠ ᠲᠠᠢ ᠬᠤᠨᠤᠭᠯᠠᠬᠤ ᠶᠢ ᠣᠯᠵᠤ ᠮᠡᠳᠡᠵᠡᠢ᠂ ᠭᠤᠳᠤᠮᠵᠢ ᠳᠤ ᠠᠮᠢᠳᠤᠷᠠᠯ ᠤᠨ ᠬᠤᠭ ᠨᠣᠪᠰᠢ ᠤᠪᠤᠭᠠᠯᠠᠬᠤ᠂ ᠦᠷᠭᠦᠯᠵᠢ ᠰᠥᠨᠢ ᠳᠦᠯᠢ ᠪᠠᠷ ᠶᠡᠭᠡ ᠲᠠᠭᠤ ᠱᠤᠤᠭᠢᠶᠠᠨ ᠡᠭᠦᠰᠭᠡᠵᠤ᠂ ᠰᠦᠨᠢ ᠶᠢᠨ ᠭᠦᠨ ᠤ ᠨᠠᠮ ᠵᠢᠮ ᠢ ᠡᠪᠳᠡᠵᠦ᠂ ᠭᠧᠩ ᠣᠪᠣᠭᠲᠤ ᠶᠢᠨ ᠭᠡᠷ ᠤᠨ ᠬᠥᠮᠦᠰ ᠢ ᠶᠡᠬᠡᠪᠡᠷ ᠨᠦᠯᠦᠭᠡᠯᠡᠵᠡᠢ᠃      ᠭᠧᠩ ᠣᠪᠣᠭᠲᠤ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠶᠢᠨ ᠭᠠᠵᠠᠷ ᠠᠴᠠ ᠣᠶᠢᠯᠠᠭᠠᠭᠰᠠᠨ ᠨᠢ᠂ ᠡᠰᠡᠷᠭᠦ ᠲᠠᠯ᠎ᠠ ᠶᠢᠨ ᠬᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠨᠢ ᠯᠢ ᠣᠪᠣᠭᠲᠤ ᠪᠠ ᠯᠦ ᠣᠪᠣᠭᠲᠤ ᠭᠡᠳᠡᠭ᠂ 2023 ᠣᠨ ᠤ 5 ᠳ᠋ᠤᠭᠠᠷ ᠰᠠᠷ᠎ᠠ ᠳᠤ ᠬᠡᠷ ᠪᠠᠶᠢᠰᠢᠩ ᠢᠶᠠᠨ 3 ᠵᠢᠯ ᠤᠨ ᠬᠤᠭᠤᠴᠠᠭ᠎ᠠ ᠲᠠᠢ ᠪᠠᠷ ᠯᠢᠦ ᠣᠪᠣᠭᠲᠤ ᠳᠤ ᠲᠦᠷᠢᠶᠡᠰᠦᠯᠡᠨ ᠦᠭᠴᠡᠢ᠃ ᠰᠡᠭᠦᠯᠡᠷ ᠨᠢ᠂ ᠯᠢᠦ ᠣᠪᠣᠭᠲᠤ ᠨᠢᠭᠡᠨ ᠭᠡᠷ ᠪᠠᠶᠢᠰᠢᠩ ᠭᠠᠵᠠᠷ ᠬᠥᠷᠥᠩᠭᠡ ᠶᠢᠨ ᠠᠰᠠᠭᠤᠨ ᠯᠠᠪᠯᠠᠬᠤ ᠲᠥᠪ ᠲᠠᠢ ︽ᠰᠦᠯᠵᠢᠶᠡᠨ ᠳᠡᠭᠡᠷ᠎ᠡ ᠪᠤᠯᠵᠤᠬᠤ ᠭᠡᠷ ᠪᠠᠶᠢᠰᠢᠩ ︵ᠠᠷᠠᠳ ᠤᠨ ᠣᠷᠣᠨ ᠰᠠᠭᠤᠴᠠ︶ ᠢ ᠨᠠᠶᠢᠳᠠᠨ ᠬᠠᠮᠢᠶᠠᠷᠠᠭᠤᠯᠬᠤ ᠡᠵᠡᠩᠨᠡᠯᠳᠡ ᠶᠢᠨ ᠭᠡᠷ᠎ᠡ ᠲᠤᠭᠳᠠᠭᠠᠵᠤ᠂ ᠭᠡᠷ ᠪᠠᠶᠢᠰᠢᠩ ᠢ ᠲᠤᠰ ᠲᠥᠪ ᠲᠤ ᠨᠠᠶᠢᠳᠠᠵᠤ ᠰᠦᠯᠵᠢᠶᠡᠨ ᠳᠡᠭᠡᠷ᠎ᠡ ᠪᠠᠭᠤᠳᠠᠯ ᠡᠷᠬᠢᠯᠡᠪᠡ᠃     ᠭᠧᠩ ᠣᠪᠣᠭᠲᠤ ᠶᠢᠨ ᠦᠵᠡᠬᠦ ᠪᠠᠷ᠂ ᠯᠢ ᠣᠪᠣᠭᠲᠤ᠂ ᠯᠦ ᠣᠪᠣᠭᠲᠤ᠂ ᠯᠢᠦ ᠣᠪᠣᠭᠲᠤ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠰᠠᠭᠤᠨ ᠯᠠᠪᠯᠠᠬᠤ ᠲᠥᠪ ᠨᠢ ᠠᠰᠢᠭ ᠬᠤᠣᠷ ᠤᠨ ᠬᠠᠷᠢᠴᠠᠭ᠎ᠠ ᠲᠠᠢ ᠥᠮᠴᠢᠲᠡᠨ ᠤ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠣᠷᠣᠨ ᠰᠠᠭᠤᠴᠠ ᠪᠠᠨ ᠡᠵᠡᠩᠨᠡᠯᠲᠡ ᠶᠢᠨ ᠴᠢᠨᠠᠷᠲᠠᠶ ᠭᠡᠷ ᠪᠠᠶᠢᠰᠢᠩ ᠪᠣᠯᠭᠠᠨ ᠬᠤᠪᠢᠷᠠᠭᠤᠯᠵᠤ᠂ ᠭᠠᠳᠠᠨ᠎ᠠ ᠠᠴᠠ ᠢᠷᠡᠬᠦ ᠬᠥᠮᠦᠰ ᠣᠯᠠᠰᠢᠷᠠᠭᠰᠠᠨ᠂ ᠲᠠᠭᠤ ᠱᠤᠤᠭᠢᠶᠠᠨ ᠤ ᠪᠣᠬᠢᠷᠳᠤᠯ᠂ ᠠᠮᠢᠳᠤᠷᠠᠯ ᠤᠨ ᠬᠤᠭ ᠨᠣᠪᠰᠢ ᠶᠢᠨ ᠪᠣᠬᠢᠷᠳᠤᠯ ᠨᠡᠮᠡᠭᠳᠡᠭᠰᠡᠨ ᠵᠡᠷᠭᠡ ᠠᠰᠠᠭᠤᠳᠠᠯ ᠢ ᠪᠤᠢ ᠪᠤᠯᠭᠠᠵᠤ᠂ ᠭᠡᠷ ᠤᠨ ᠡᠵᠡᠨ᠂ ᠢᠯᠠᠩᠭᠤᠶ᠎ᠠ ᠬᠡᠤᠬᠡᠳ ᠤᠨ ᠬᠡᠪ ᠤᠨ ᠠᠮᠢᠳᠤᠷᠠᠯ ᠪᠠ ᠰᠤᠷᠤᠯᠴᠠᠯᠭ᠎ᠠ ᠶᠢ ᠨᠥᠯᠥᠭᠡᠯᠡᠵᠦ ᠪᠠᠶᠢᠬᠤ ᠪᠤᠯᠬᠤᠷ᠂ 4 ᠵᠠᠭᠠᠯᠳᠤᠭᠳᠠᠭᠴᠢ ᠶᠢ ᠲᠡᠷᠡ ᠳᠠᠷᠤᠶ ᠳᠤᠨᠢ ᠡᠵᠡᠩᠨᠡᠯᠲᠡ ᠶᠢ ᠨᠢ ᠵᠣᠭᠰᠣᠭᠠᠵᠤ᠂ ᠭᠡᠷ ᠪᠠᠶᠢᠰᠢᠩ ᠤᠨ ᠣᠷᠣᠨ ᠰᠠᠭᠤᠴᠠ ᠶᠢᠨ ᠬᠡᠷᠡᠭᠴᠡᠭᠡ ᠶᠢ ᠨᠢ ᠰᠡᠷᠭᠦᠭᠡᠭᠦᠯᠬᠦ ᠪᠠᠷ ᠵᠠᠭᠠᠯᠳᠤᠵᠠᠢ᠃      ᠬᠠᠤᠯᠢ ᠶᠢᠨ ᠲᠢᠩᠬᠢᠮ ᠤᠨ ᠰᠢᠭᠦᠯᠲᠡ ᠳᠤ᠂ 4 ᠵᠠᠭᠠᠯᠳᠤᠭᠳᠠᠭᠴᠢ ᠶᠢᠨ ᠦᠵᠡᠬᠦ ᠪᠠᠷ᠄ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠨᠢ ᠦᠨᠡᠬᠡᠷ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠤᠨ ᠡᠵᠡᠩᠨᠡᠯᠳᠡ ᠳᠤ ᠬᠡᠷᠡᠭᠯᠡᠳᠡᠭ᠂ ᠭᠡᠪᠡᠴᠦ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠪᠣᠯ ᠬᠠᠮᠲᠤ ᠪᠠᠷ ᠡᠳ᠋ᠯᠡᠬᠦ ᠠᠵᠤ ᠠᠬᠤᠶ ᠶᠢᠨ ᠴᠠᠭ ᠦᠶ᠎ᠡ ᠳᠠᠬᠢ ᠣᠬᠤᠷ ᠬᠤᠭᠤᠴᠠᠭᠠᠨ ᠤ ᠲᠦᠷᠢᠶᠡᠰᠦᠯᠡᠯ ᠮᠥᠨ᠂ ᠡᠵᠡᠩᠨᠡᠯᠲᠡ ᠶᠢᠨ ᠴᠢᠨᠠᠷᠲᠠᠶ ᠭᠡᠷ ᠪᠠᠶᠢᠰᠢᠩ ᠪᠢᠰᠢ︔ ᠬᠡᠷᠪᠡ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠪᠣᠯ ᠡᠵᠡᠩᠨᠡᠯᠲᠡ ᠶᠢᠨ ᠠᠵᠢᠯᠯᠠᠭ᠎ᠠ ᠮᠥᠨ ᠭᠡᠵᠦ ᠦᠵᠡᠪᠡᠯ᠂ ᠥᠮᠴᠢᠲᠡᠨ ᠤ ᠥᠪᠡᠷ ᠢᠶᠠᠨ ᠭᠠᠳᠠᠭᠰᠢ ᠲᠦᠷᠢᠶᠡᠰᠦᠯᠡᠭᠦᠯᠬᠦ ᠨᠢ ᠡᠵᠡᠩᠨᠡᠯᠲᠡ ᠶᠢᠨ ᠠᠵᠢᠯᠯᠠᠭ᠎ᠠ ᠳᠤ ᠲᠣᠭᠠᠴᠠᠭᠳᠠᠬᠤ ᠦᠭᠡᠢ᠃ ᠡᠶᠢᠮᠦ ᠠᠵᠢᠯᠯᠠᠭ᠎ᠠ ᠨᠢ ᠭᠡᠷ ᠪᠠᠶᠢᠰᠢᠩ ᠤᠨ ᠰᠢᠨᠵᠢ ᠴᠢᠨᠠᠷ ᠢ ᠬᠤᠪᠢᠷᠠᠭᠤᠯᠤᠭᠰᠠᠨ ᠦᠭᠡᠢ᠂ ᠪᠦᠬᠦ ᠥᠮᠴᠢᠲᠡᠨ ᠢᠶᠠᠷ ᠵᠥᠪᠰᠢᠶᠡᠷᠡᠭᠦᠯᠬᠦ ᠴᠢᠬᠤᠯᠠ ᠦᠭᠡᠶ᠂ ᠵᠥᠪᠬᠡᠨ ᠵᠢᠶᠠᠩᠰᠦ ᠮᠤᠵᠢ ᠶᠢᠨ ᠰᠦᠯᠵᠢᠶᠡᠨ ᠳᠡᠭᠡᠷ᠎ᠡ ᠪᠣᠯᠵᠣᠬᠤ ᠳᠠᠩᠰᠠᠯᠠᠯᠲᠠ ᠶᠢᠨ ᠲᠠᠪᠴᠠᠩ ᠳᠡᠭᠡᠷ᠎ᠡ᠂ ᠪᠠᠲᠤᠯᠭᠠᠲᠤ ᠲᠡᠮᠳᠡᠭ ᠣᠯᠪᠠᠯ ᠪᠣᠯᠴᠢᠬᠠᠨ᠎ᠠ ᠭᠡᠪᠡ᠃       ᠰᠢᠭᠦᠬᠦ ᠬᠤᠷᠢᠶᠠᠨ ᠤ ᠦᠵᠡᠬᠦ ᠪᠠᠷ᠂ ᠲᠤᠰ ᠬᠡᠷᠡᠭ ᠤᠨ 4 ᠵᠠᠭᠠᠯᠳᠤᠭᠳᠠᠭᠴᠢ ᠠᠰᠢᠭ ᠬᠤᠣᠷ ᠤᠨ ᠬᠠᠷᠢᠴᠠᠭ᠎ᠠ ᠲᠠᠢ ᠥᠮᠴᠢᠲᠡᠨ ᠤ ᠨᠢᠭᠡᠳᠦᠭᠰᠡᠨ ᠵᠥᠪᠰᠢᠶᠡᠷᠡᠯ ᠦᠭᠡᠢ ᠪᠠᠷ ᠭᠡᠷ ᠪᠠᠶᠢᠰᠢᠩ ᠤᠨ ᠬᠡᠷᠡᠭᠴᠡᠭᠡ ᠶᠢ ᠬᠤᠪᠢᠷᠠᠭᠤᠯᠵᠤ᠂ ᠲᠡᠭᠦᠨ ᠤ ᠦᠢᠯᠡ ᠠᠵᠢᠯᠯᠠᠭ᠎ᠠ ᠨᠢ ᠪᠤᠰᠤᠳ ᠥᠮᠴᠢᠲᠡᠨ ᠲᠠᠢ ᠬᠠᠮᠲᠤ ᠪᠠᠷ ᠬᠡᠷᠡᠭᠯᠡᠵᠦ ᠪᠠᠶᠢᠭ᠎ᠠ ᠴᠠᠬᠢᠯᠭᠠᠨ ᠱᠠᠲᠤ᠂ ᠬᠤᠷᠢᠶᠠᠯᠠᠯ ᠤᠨ ᠵᠠᠮ ᠵᠡᠷᠭᠡ ᠭᠠᠵᠠᠷ ᠲᠤ ᠱᠤᠤᠭᠢᠶᠠᠨ ᠡᠭᠦᠰᠭᠡᠵᠦ᠂ ᠡᠮᠬᠢ ᠵᠢᠷᠤᠮ ᠢ ᠰᠠᠮᠤᠷᠠᠭᠤᠯᠤᠭᠰᠠᠨ᠂ ᠠᠮᠤᠷ ᠲᠦᠪᠰᠢᠨ ᠤ ᠢᠯᠡᠳᠬᠡᠮᠵᠢ  ᠢ ᠪᠠᠭᠤᠷᠠᠭᠤᠯᠤᠭᠰᠠᠨ ᠵᠡᠷᠭᠡ ᠪᠠᠶᠢᠳᠠᠯ ᠢ ᠪᠤᠢ ᠪᠤᠯᠭᠠᠵᠠᠢ᠃ ᠠᠳᠠᠯᠢ ᠨᠢᠭᠡᠨ ᠠᠰᠠᠷ ᠤᠨ ᠵᠡᠷᠭᠡᠯᠡᠳᠡᠭᠡ ᠠᠶᠢᠯ ᠤᠨ ᠥᠮᠴᠢᠲᠡᠨ ᠬᠤᠶᠠᠷ ᠲᠠᠯ᠎ᠠ ᠪᠠᠷ ᠢᠶᠠᠨ ᠥᠯᠥ ᠬᠥᠳᠡᠯᠬᠦ ᠬᠥᠷᠥᠩᠭᠡ ᠶᠢ ᠠᠰᠢᠭᠯᠠᠬᠤ ᠳᠠᠭᠠᠨ ᠬᠥᠷᠰᠢ ᠵᠡᠷᠭᠡᠯᠡᠳᠡᠭᠡ ᠠᠶᠢᠯ ᠤᠨ ᠥᠯᠥ ᠬᠥᠳᠡᠯᠬᠦ ᠬᠥᠷᠥᠩᠭᠡ ᠶᠢᠨ ᠡᠷᠬᠡᠲᠦ ᠬᠥᠮᠦᠨ ᠳᠤ ᠬᠤᠬᠢᠷᠠᠯ ᠤᠴᠠᠷᠠᠭᠤᠯᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠵᠠᠭᠠᠯᠳᠤᠭᠴᠢ ᠭᠧᠩ ᠣᠪᠣᠭᠲᠤ ᠠᠳᠠᠯᠢ ᠠᠰᠠᠷ ᠤᠨ ᠳᠠᠪᠬᠤᠷᠭ᠎ᠠ ᠶᠢᠨ ᠬᠥᠷᠰᠢ ᠵᠡᠷᠭᠡᠯᠡᠳᠡᠭᠡ ᠠᠶᠢᠯ ᠤᠨ ᠥᠮᠴᠢᠲᠡᠨ ᠪᠣᠯᠤᠭᠰᠠᠨ ᠤ ᠬᠤᠪᠢ ᠳᠤ᠂ 4 ᠵᠠᠭᠠᠯᠳᠤᠭᠳᠠᠭᠴᠢ ᠶᠢ ᠠᠰᠠᠷ ᠤᠨ ᠬᠠᠷᠰᠢ ᠰᠠᠭᠠᠳ ᠢ ᠠᠷᠢᠯᠭᠠᠵᠤ᠂ ᠤᠤᠯ ᠪᠠᠶᠢᠳᠠᠯ ᠢ ᠨᠢ ᠰᠡᠷᠭᠦᠭᠡᠬᠦ ᠶᠢ ᠱᠠᠭᠠᠷᠳᠠᠬᠤ ᠡᠷᠬᠡ ᠲᠠᠢ᠃ ᠡᠴᠦᠰ ᠲᠤ᠂ ᠰᠢᠭᠦᠬᠦ ᠬᠤᠷᠢᠶ᠎ᠠ ᠠᠴᠠ 4 ᠵᠠᠭᠠᠯᠳᠤᠭᠳᠠᠭᠴᠢ ᠶᠢ ᠲᠡᠷᠡ ᠳᠠᠷᠤᠶ ᠳᠤᠨᠢ ᠭᠡᠷ ᠪᠠᠶᠢᠰᠢᠩ ᠳᠤ ᠬᠤᠯᠪᠣᠭᠳᠠᠭᠰᠠᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠣᠭᠰᠣᠭᠠᠵᠤ᠂ ᠬᠡᠷ ᠪᠠᠶᠢᠰᠢᠩ ᠤᠨ ᠣᠷᠣᠨ ᠰᠠᠭᠤᠴᠠ ᠶᠢᠨ ᠬᠡᠷᠡᠭᠴᠡᠭᠡ ᠶᠢ ᠰᠡᠷᠭᠦᠭᠡᠬᠦ ᠬᠡᠷᠡᠭᠳᠡᠢ ᠭᠡᠵᠤ ᠰᠢᠭᠦᠨ ᠲᠠᠰᠤᠯᠪᠠ᠃      ᠤᠷᠤᠨ ᠰᠠᠭᠤᠴᠠ ᠶᠢᠨ ᠭᠡᠷ ᠪᠠᠶᠢᠰᠢᠩ ᠢ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠳᠤ ᠬᠡᠷᠡᠭᠯᠡᠬᠦ ᠨᠢ ᠤᠷᠤᠨ ᠰᠠᠭᠤᠴᠠ ᠶᠢᠨ ᠭᠡᠷᠡᠭᠴᠡᠭᠡ ᠶᠢ ᠬᠤᠪᠢᠷᠠᠭᠤᠯᠤᠭᠰᠠᠨ ᠳᠤ ᠲᠤᠭᠤᠴᠠᠭᠳᠠᠨ᠎ᠠ      ᠰᠢᠭᠦᠬᠦ ᠲᠤᠰᠢᠶᠠᠯᠲᠠᠨ ᠢᠯᠡᠷᠬᠡᠶᠢᠯᠡᠬᠦ ᠳᠡᠭᠡᠨ᠂ ᠲᠤᠰ ᠬᠡᠷᠡᠭ ᠤᠨ ᠮᠠᠷᠭᠤᠭᠠᠨ ᠤ ᠲᠥᠪᠯᠡᠷᠡᠯ ᠤᠨ ᠴᠡᠭ ᠨᠢ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠨᠢ ᠡᠵᠡᠩᠨᠡᠯᠲᠡ ᠶᠢᠨ ᠴᠢᠨᠠᠷᠲᠠᠢ ᠭᠡᠷ ᠪᠠᠶᠢᠰᠢᠩ ᠮᠦᠨ ᠡᠰᠡᠬᠦ ᠳᠤ ᠪᠠᠶᠢᠨ᠎ᠠ ᠃ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠪᠣᠯ ᠢᠨᠲ᠋ᠧᠷ ᠰᠦᠯᠵᠢᠶᠡᠨ ᠤ ᠠᠵᠤ ᠠᠬᠤᠶ ᠶᠢᠨ ᠠᠬᠤᠶ ᠪᠠᠶᠢᠳᠠᠯ ᠳᠣᠤᠷᠠᠬᠢ ᠨᠢᠭᠡ ᠵᠦᠢᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠮᠥᠨ᠂ ᠣᠳᠣᠬᠠᠨ ᠳᠤ ᠪᠥᠬᠦ ᠤᠯᠤᠰ ᠤᠨ ᠬᠡᠪᠴᠢᠶᠡᠨ ᠳᠠᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠠᠴᠠ ᠦᠵᠡᠪᠡᠯ᠂ ᠰᠦᠯᠵᠢᠶ᠎ᠡ ᠪᠠᠷ ᠪᠣᠯᠵᠣᠬᠤ ᠬᠡᠷ ᠪᠠᠶᠢᠰᠢᠩ ᠤᠨ ᠰᠢᠨᠵᠢ ᠴᠢᠨᠠᠷ ᠪᠠ ᠪᠠᠶᠢᠷᠢ ᠰᠠᠭᠤᠷᠢ ᠨᠢ ᠪᠠᠰᠠ ᠲᠣᠳᠣᠷᠬᠠᠶ ᠥᠬᠡᠶ ᠪᠠᠶᠢᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠮᠢᠶ᠎ᠠ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠵᠢᠴᠢ ᠬᠡᠷ ᠪᠠᠶᠢᠰᠢᠩ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ᠂ ᠳᠡᠩᠰᠡᠯᠡᠯᠲᠡ ᠬᠠᠮᠢᠶᠠᠷᠤᠯᠲᠠ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠲᠠᠯ᠎ᠠ ᠪᠠᠷ ᠲᠣᠭᠲᠠᠭᠠᠯ ᠭᠠᠷᠭᠠᠬᠤ ᠴᠢᠬᠤᠯᠠᠳᠠᠢ ᠪᠠᠶᠢᠨ᠎ᠠ᠃      ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠨᠢ ᠢᠨᠲ᠋ᠧᠷ ᠰᠦᠯᠵᠢᠶᠡᠨ ᠤ ᠲᠠᠪᠴᠠᠩ ᠢᠶᠠᠷ ᠳᠠᠮᠵᠢᠨ ᠵᠦᠪᠰᠢᠶᠡᠷᠡᠨ ᠣᠷᠣᠭᠤᠯᠬᠤ᠂ ᠡᠵᠡᠩᠨᠡᠬᠦ᠂ ᠳᠥᠭᠦᠮ᠂ ᠲᠦᠷᠭᠡᠨ᠂ ᠵᠣᠴᠢᠳ ᠤᠨ ᠪᠠᠭᠤᠳᠠᠯ ᠤᠨ ᠦᠢᠯᠡᠰ ᠤᠨ ᠠᠵᠢᠯᠯᠠᠭᠠᠨ ᠲᠠᠢ ᠵᠠᠭᠪᠤᠷ ᠨᠢ ᠠᠳᠠᠯᠢ ᠦᠭᠡᠢ ᠪᠣᠯᠪᠠᠴᠤ᠂ ᠦᠨᠡᠨ ᠳᠡᠭᠡᠨ ᠵᠣᠴᠢᠳ ᠲᠤ ᠦᠨ᠎ᠡ ᠲᠥᠯᠥᠪᠦᠷᠢ ᠲᠠᠢ ᠪᠠᠷ ᠬᠤᠨᠣᠭᠯᠠᠬᠤ᠂ ᠬᠤᠭᠤᠯᠠ ᠢᠳᠡᠬᠦ᠂ ᠠᠷᠢᠭᠤᠨ ᠴᠡᠪᠡᠷ ᠵᠡᠷᠭᠡ ᠦᠢᠯᠡᠴᠢᠯᠡᠭᠡ ᠬᠠᠩᠭᠠᠭᠰᠠᠨ ᠪᠠᠶᠢᠨ᠎ᠠ᠃ ᠣᠳᠣ ᠶᠢᠨ ᠪᠠᠶᠢᠭ᠎ᠠ ᠬᠠᠮᠢᠶᠠᠷᠤᠯᠲᠠ ᠶᠢᠨ ᠵᠠᠭᠪᠤᠷ ᠠᠴᠠ ᠦᠵᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠡᠳᠦ᠋ᠢᠪᠡᠷ ᠠᠯᠪᠠᠨ ᠤ ᠲᠠᠯ᠎ᠠ ᠶᠢᠨ ᠰᠦᠯᠵᠢᠶᠡᠨ ᠤ ᠲᠠᠪᠴᠠᠩ ᠬᠠᠩᠭᠠᠭᠰᠠᠨ ᠪᠣᠯᠪᠠᠴᠤ᠂ ᠥᠮᠴᠢᠲᠡᠨ ᠠᠴᠠ ᠨᠥᠬᠦᠴᠡᠯ ᠳᠤ ᠨᠡᠶᠢᠴᠡᠬᠦ ᠰᠤᠯᠠ ᠪᠠᠶᠢᠭ᠎ᠠ ᠣᠷᠣᠨ ᠰᠠᠭᠤᠴᠠ ᠪᠠᠨ ᠰᠦᠯᠵᠢᠶ᠎ᠡ ᠪᠠᠷ ᠪᠤᠯᠵᠤᠬᠤ ᠬᠡᠷ ᠪᠠᠶᠢᠰᠢᠩ ᠤᠨ ᠡᠵᠡᠩᠨᠡᠯᠳᠡ ᠳᠤ ᠡᠵᠡᠨ ᠮᠡᠳᠡᠨ ᠬᠡᠷᠡᠭᠯᠡᠬᠦ ᠶᠢ ᠵᠦᠪᠰᠢᠶᠡᠷᠡᠵᠦ᠂ ᠵᠣᠬᠢᠬᠤ ᠠᠵᠤ ᠠᠬᠤᠶ ᠶᠢᠨ ᠠᠰᠢᠭ ᠣᠷᠣᠯᠭ᠎ᠠ ᠣᠯᠵᠤ ᠪᠣᠯᠤᠨ᠎ᠠ᠂ ᠭᠡᠪᠡᠴᠦ ᠰᠦᠯᠵᠢᠶ᠎ᠡ ᠪᠠᠷ ᠪᠣᠯᠵᠣᠬᠤ ᠬᠡᠷ ᠪᠠᠶᠢᠰᠢᠩ ᠨᠢ ᠡᠩ ᠤᠨ ᠪᠠᠶᠢᠳᠠᠯ ᠳᠤ ᠡᠳᠦᠷ ᠪᠤᠶᠤ ᠴᠠᠭ ᠢᠶᠠᠷ ᠬᠤᠨᠤᠭ ᠤᠨ ᠦᠢᠯᠡᠴᠢᠯᠡᠭᠡ ᠬᠠᠩᠭᠠᠨ᠎ᠠ᠂ ᠵᠣᠴᠢᠳ ᠨᠢ ᠳᠤᠷ᠎ᠠ ᠶᠢᠨ ᠨᠢᠭᠡ ᠴᠠᠭ ᠲᠤ ᠣᠷᠣᠵᠤ ᠰᠠᠭᠤᠬᠤ ᠪᠠ ᠭᠡᠷ ᠢᠶᠠᠨ ᠪᠤᠴᠠᠭᠠᠵᠤ ᠪᠣᠯᠬᠤ ᠪᠥᠭᠡᠳ ᠣᠷᠣᠵᠤ ᠰᠠᠭᠤᠬᠤ ᠬᠥᠮᠦᠨ ᠤ ᠲᠤᠭ᠎ᠠ ᠶᠢ ᠬᠢᠵᠠᠭᠠᠷᠯᠠᠬᠤ ᠶᠢᠨ ᠠᠷᠭ᠎ᠠ ᠦᠭᠡᠢ ᠶᠤᠮ᠂ ᠡᠨᠡ ᠨᠢ ᠪᠤᠰᠤᠳ ᠥᠮᠴᠢᠲᠡᠨ ᠤ ᠬᠡᠪ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠳᠤ ᠠᠰᠢᠭ ᠥᠬᠡᠶ ᠨᠥᠯᠥᠭᠡ ᠦᠵᠡᠭᠦᠯᠬᠦ ᠪᠣᠯᠤᠨ᠎ᠠ᠂ ᠵᠢᠱᠢᠶᠡᠯᠡᠪᠡᠯ ᠣᠷᠴᠢᠨ ᠲᠣᠭᠤᠷᠢᠨ ᠨᠢ ᠦᠢᠮᠡᠭᠡᠨ ᠱᠤᠤᠬᠢᠶᠠᠨ ᠲᠠᠢ᠂ ᠡᠷᠡᠭᠦᠯ ᠬᠠᠮᠠᠭᠠᠯᠠᠯ ᠤᠨ ᠡᠮᠬᠢ ᠵᠠᠮᠪᠠᠷᠠᠭ᠎ᠠ ᠦᠭᠡᠢ᠂ ᠭᠠᠯ ᠤᠨᠲᠠᠷᠠᠭᠠᠬᠤ ᠳᠠᠯᠳᠠ ᠬᠡᠮ ᠵᠡᠷᠭᠡ ᠨᠡᠮᠡᠭᠳᠡᠵᠦ᠂ ᠠᠮᠤᠷ ᠲᠦᠪᠰᠢᠨ ᠤ ᠢᠯᠡᠳᠬᠡᠮᠵᠢ ᠪᠠᠭᠤᠷᠠᠬᠤ ᠵᠡᠷᠭᠡ ᠪᠣᠯᠤᠨ᠎ᠠ᠃      ᠲᠤᠰ ᠬᠡᠷᠡᠭ ᠲᠤ᠂ ᠵᠠᠭᠠᠯᠳᠤᠭᠳᠠᠭᠴᠢ ᠯᠢ ᠣᠪᠣᠭᠲᠤ᠂ ᠯᠦ ᠣᠪᠣᠭᠲᠤ ᠥᠮᠴᠢᠲᠡᠨ ᠪᠣᠯᠤᠭᠰᠠᠨ ᠤ ᠬᠤᠪᠢ ᠳᠤ᠂ ᠬᠡᠷ ᠪᠠᠶᠢᠰᠢᠩ ᠢᠶᠠᠨ ᠯᠢᠦ ᠣᠪᠣᠭᠲᠤ ᠳᠤ ᠲᠦᠷᠢᠶᠡᠰᠦᠯᠡᠭᠦᠯᠪᠡ᠂ ᠭᠡᠪᠡᠴᠦ ᠯᠢᠦ ᠣᠪᠣᠭᠲᠤ ᠬᠡᠷ ᠪᠠᠶᠢᠰᠢᠩ ᠢᠶᠠᠨ ᠨᠢᠭᠡᠨ ᠬᠡᠷ ᠪᠠᠶᠢᠰᠢᠩ ᠭᠠᠵᠠᠷ ᠬᠥᠷᠥᠩᠭᠡ ᠶᠢᠨ ᠠᠰᠠᠭᠤᠨ ᠯᠠᠪᠯᠠᠬᠤ ᠲᠥᠪ ᠲᠤ ᠨᠠᠶᠢᠳᠠᠵᠤ ᠡᠵᠡᠩᠨᠡᠯᠲᠡ ᠳᠤ ᠬᠡᠷᠡᠭᠯᠡᠵᠦ᠂ ᠲᠤᠰᠬᠠᠶ ᠴᠡᠪᠡᠷᠯᠡᠭᠴᠢ ᠳᠣᠭᠢᠷᠠᠭᠤᠯᠵᠤ᠂ ᠠᠷᠢᠭᠤᠨ ᠴᠡᠪᠡᠷ ᠤᠨ ᠠᠵᠢᠯᠯᠠᠭ᠎ᠠ᠂ ᠣᠷᠣ ᠳᠡᠪᠢᠰᠬᠡᠷ ᠢ ᠰᠤᠯᠢᠬᠤ᠂ ᠪᠠᠰᠠ ᠴᠢᠬᠤᠯᠠᠳᠠᠢ ᠦᠶ᠎ᠡ ᠳᠤ ᠬᠤᠭᠤᠯᠠ ᠬᠠᠩᠭᠠᠨ᠎ᠠ᠃  ᠡᠶᠢᠮᠦ ᠠᠴᠠ᠂ ᠡᠵᠡᠩᠨᠡᠯᠲᠡ ᠶᠢᠨ ᠴᠢᠨᠠᠷᠲᠠᠢ ᠬᠡᠷᠡᠭᠯᠡᠬᠦ ᠭᠡᠷ ᠲᠤ ᠬᠠᠷᠢᠶᠠᠯᠠᠭᠳᠠᠨ᠎ᠠ᠂ 4 ᠵᠠᠭᠠᠯᠳᠤᠭᠳᠠᠭᠴᠢ ᠨᠢ ᠮᠥᠨ ᠴᠢᠨᠠᠷ ᠳᠡᠭᠡᠷ᠎ᠡ ᠪᠠᠨ ᠨᠢᠭᠡᠨᠲᠡ ᠭᠡᠷ ᠪᠠᠶᠢᠰᠢᠩ ᠤᠨ ᠣᠷᠣᠨ ᠰᠠᠭᠤᠴᠠ ᠶᠢᠨ ᠬᠡᠷᠡᠭᠴᠡᠭᠡ ᠶᠢ ᠬᠤᠪᠢᠷᠠᠭᠤᠯᠵᠠᠢ᠃      ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠳᠤ᠂ ᠥᠮᠴᠢᠲᠡᠨ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠥᠷᠢᠴᠡᠵᠦ᠂ ᠣᠷᠣᠨ ᠰᠠᠭᠤᠴᠠ ᠪᠠᠨ ᠡᠵᠡᠩᠨᠡᠯᠲᠡ ᠶᠢᠨ ᠴᠢᠨᠠᠷᠲᠠᠶ ᠭᠡᠷ ᠪᠣᠯᠭᠠᠨ ᠬᠤᠪᠢᠷᠠᠭᠤᠯᠵᠤ ᠪᠣᠯᠬᠤ ᠦᠭᠡᠢ᠃ ᠥᠮᠴᠢᠲᠡᠨ ᠨᠢ ᠣᠷᠣᠨ ᠰᠠᠭᠤᠴᠠ ᠪᠠᠨ ᠡᠵᠡᠩᠨᠡᠯᠲᠡ ᠶᠢᠨ ᠴᠢᠨᠠᠷᠲᠠᠶ ᠭᠡᠷ ᠪᠣᠯᠭᠠᠨ ᠬᠤᠪᠢᠷᠠᠭᠤᠯᠬᠤ ᠳᠤ ᠬᠦᠷᠪᠡᠯ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠢᠷᠤᠮᠯᠠᠬᠤ ᠠᠴᠠ ᠭᠠᠳᠠᠨ᠎ᠠ᠂ ᠠᠰᠢᠭ ᠲᠤᠰᠠ ᠶᠢᠨ ᠬᠠᠷᠢᠴᠠᠭ᠎ᠠ ᠲᠠᠢ ᠥᠮᠴᠢᠲᠡᠨ ᠢᠶᠠᠷ ᠨᠢᠭᠡᠳᠦᠯᠲᠡᠶ ᠵᠥᠪᠰᠢᠶᠡᠷᠡᠭᠦᠯᠬᠦ ᠬᠡᠷᠡᠭᠲᠡᠶ᠃ ᠡᠭᠦᠨ ᠤ ᠬᠠᠮᠲᠤ᠂ ᠦᠯᠦ ᠬᠥᠳᠡᠯᠬᠦ ᠬᠥᠷᠥᠩᠭᠡ ᠶᠢᠨ ᠬᠥᠷᠰᠢ ᠠᠶᠢᠯ ᠪᠣᠯᠤᠭᠰᠠᠨ ᠡᠷᠬᠡᠲᠦ ᠬᠥᠮᠦᠨ ᠤ ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ ᠲᠦᠭᠦᠮ᠂ ᠪᠦᠯᠬᠦᠮᠳᠡᠨ ᠬᠠᠪᠰᠤᠷᠤᠯᠴᠠᠬᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ ᠵᠠᠷᠴᠢᠮ ᠶᠣᠰᠣᠭᠠᠷ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠲᠣᠭᠲᠠᠭᠠᠵᠠᠶ᠃      ᠥᠮᠴᠢᠲᠡᠨ ᠨᠢ ᠭᠡᠷ ᠪᠠᠶᠢᠰᠢᠩ ᠢ ᠰᠦᠯᠵᠢᠶ᠎ᠡ ᠪᠠᠷ ᠪᠤᠯᠵᠤᠬᠤ ᠭᠡᠷ ᠪᠠᠶᠢᠰᠢᠩ ᠤᠨ ᠡᠵᠡᠩᠨᠡᠯᠲᠡ ᠳᠤ ᠬᠡᠷᠡᠭᠯᠡᠬᠦ ᠳᠤ᠂ ᠪᠦᠬᠦ ᠥᠮᠴᠢᠲᠡᠨ ᠢᠶᠠᠷ ᠵᠥᠪᠰᠢᠶᠡᠷᠡᠭᠦᠯᠬᠦ ᠬᠡᠷᠡᠭᠲᠡᠶ ᠪᠥᠭᠡᠳ ᠠᠯᠢ ᠴᠢᠳᠠᠬᠤ ᠪᠠᠷ ᠬᠥᠷᠰᠢ ᠵᠡᠷᠭᠡᠯᠡᠳᠡᠭᠡ ᠠᠶᠢᠯ ᠭᠡᠷ ᠤᠨ ᠬᠡᠪ ᠤᠨ ᠠᠮᠢᠳᠤᠷᠠᠯ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ᠪᠤᠰᠤᠳ ᠥᠮᠴᠢᠲᠡᠨ ᠭᠡᠷ ᠪᠠᠶᠢᠰᠢᠩ ᠢᠶᠠᠨ ᠳᠤᠷ᠎ᠠ ᠪᠠᠷ ᠢᠶᠠᠨ ᠡᠵᠡᠩᠨᠡᠯᠲᠡ ᠳᠤ ᠬᠡᠷᠡᠭᠯᠡᠬᠦ ᠭᠡᠷ ᠪᠣᠯᠭᠠᠨ  ᠬᠤᠪᠢᠷᠠᠭᠤᠯᠤᠭᠰᠠᠨ ᠢ ᠣᠯᠵᠤ ᠮᠡᠳᠡᠪᠡᠯ᠂ ᠠᠰᠢᠭ ᠬᠤᠣᠷ ᠤᠨ ᠬᠠᠷᠢᠴᠠᠭ᠎ᠠ ᠲᠠᠢ ᠥᠮᠴᠢᠲᠡᠨ ᠠᠴᠠ ᠡᠵᠡᠩᠨᠡᠯᠲᠡ ᠶᠢ ᠨᠢ ᠵᠣᠭᠰᠣᠭᠠᠬᠤ ᠪᠠᠷ ᠱᠠᠭᠠᠷᠳᠠᠬᠤ ᠡᠷᠬᠡ ᠲᠠᠢ᠃ ᠡᠭᠦᠨ ᠤ ᠬᠠᠮᠲᠤ᠂ ᠰᠦᠯᠵᠢᠶ᠎ᠡ ᠪᠠᠷ ᠪᠣᠯᠵᠣᠬᠤ ᠭᠡᠷ ᠪᠠᠶᠢᠰᠢᠩ ᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠳᠡᠮᠵᠢᠬᠦ ᠶᠢᠨ ᠬᠠᠮᠲᠤ᠂ ᠰᠦᠯᠵᠢᠶ᠎ᠡ ᠪᠠᠷ ᠪᠣᠯᠵᠣᠬᠤ ᠭᠡᠷ ᠪᠠᠶᠢᠰᠢᠩ ᠤᠨ ᠡᠭᠦᠰᠴᠦ ᠮᠡᠳᠡᠬᠦ ᠵᠥᠷᠢᠴᠡᠯ ᠵᠢᠭᠤᠷᠠᠯᠳᠤᠭᠠᠨ ᠳᠤ ᠴᠢᠭᠯᠡᠭᠦᠯᠦᠨ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠴᠢᠬᠤᠯᠠᠴᠢᠯᠠᠬᠤ ᠬᠡᠷᠡᠭᠲᠡᠢ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠬᠠᠤᠯᠢ ᠪᠠᠷ ᠵᠠᠰᠠᠬᠤ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1