︽ᠠᠷᠠᠳ ᠤᠨ ᠬᠢᠨᠠᠨ ᠬᠠᠮᠢᠶᠠᠷᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠦ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/8/14
      ᠤᠢᠢᠷ᠎ᠠ ᠶᠢᠨ ᠵᠢᠯ ᠠᠴᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠠᠪᠤᠴᠠ ᠳᠤ᠂ ᠨᠢᠩᠰᠢᠶᠠ᠂ ᠪᠡᠭᠡᠵᠢᠩ ᠵᠡᠷᠭᠡ ᠭᠠᠵᠠᠷ ᠤᠨ ᠬᠢᠨ ᠰᠠᠭᠤᠭᠠᠯᠢ ᠠᠷᠠᠳ ᠢ ᠤᠷᠢᠵᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ︽ᠠᠷᠠᠳ ᠤᠨ ᠬᠢᠨᠠᠨ ᠬᠠᠮᠢᠶᠠᠷᠤᠭᠴᠢ︾ ᠪᠤᠯᠭᠠᠵᠠᠢ᠂ ᠥᠭᠡᠷᠡᠴᠢᠯᠡᠨ ᠪᠠᠶᠢᠭᠤᠯᠬᠤ ᠶᠠᠪᠤᠴᠠ ᠳᠤ ᠪᠠᠷᠢᠯᠭ᠎ᠠ ᠶᠢᠨ ᠠᠬᠢᠴᠠ ᠶᠢ ᠬᠢᠨᠠᠬᠤ᠂ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠬᠤ᠂ ᠰᠠᠭᠤᠭᠠᠯᠢ ᠠᠷᠠᠳ ᠤᠨ ᠰᠠᠨᠠᠯ ᠢ ᠴᠤᠭᠯᠠᠭᠤᠯᠬᠤ᠂ ᠪᠠᠷᠢᠯᠭ᠎ᠠ ᠶᠢᠨ ᠠᠵᠢᠯ ᠤᠨ ᠲᠤᠮᠳᠠᠬᠢ ᠵᠥᠷᠢᠴᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠲᠠᠢ᠃      ᠠᠷᠠᠳ ᠤᠨ ᠶᠠᠪᠤᠳᠠᠯ ᠢ ᠠᠷᠠᠳ ᠲᠦᠮᠡᠨ ᠦᠪᠡᠷ ᠢᠶᠠᠨ ᠬᠢᠨᠠᠬᠤ ᠬᠡᠷᠡᠭᠲᠡᠢ᠃ ︽ᠠᠷᠠᠳ ᠤᠨ ᠬᠢᠨᠠᠨ ᠬᠠᠮᠢᠶᠠᠷᠤᠭᠴᠢ︾ ᠨᠢ ᠰᠠᠭᠤᠭᠠᠯᠢ ᠠᠷᠠᠳ ᠤᠨ ᠨᠢᠳᠦ ᠪᠠ ᠴᠢᠬᠢ ᠪᠣᠯᠤᠭᠰᠠᠨ ᠤ ᠬᠤᠪᠢ ᠳᠤ᠂ ᠥᠭᠡᠷᠡᠴᠢᠯᠡᠨ ᠰᠢᠨᠡᠳᠬᠡᠬᠦ ᠪᠥᠬᠦ ᠶᠠᠪᠤᠴᠠ ᠳᠤ ᠣᠷᠣᠯᠴᠠᠵᠤ᠂ ᠥᠭᠡᠷᠡᠴᠢᠯᠡᠨ ᠰᠢᠨᠡᠳᠬᠡᠬᠦ ᠠᠷᠭ᠎ᠠ ᠬᠡᠮᠵᠢᠶ᠎ᠡ ᠨᠢᠭᠡᠪᠦᠷᠢ ᠨᠢ ᠴᠥᠮ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃     ᠨᠢᠭᠡ ᠲᠠᠯ᠎ᠠ ᠪᠠᠷ ︽ᠠᠷᠠᠳ ᠤᠨ ᠬᠢᠨᠠᠨ ᠬᠠᠮᠢᠶᠠᠷᠤᠭᠴᠢ︾ ᠪᠣᠯ ᠥᠭᠡᠷᠡᠴᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠤᠨ ᠬᠢᠨᠠᠯᠲᠠ ᠲᠠᠯᠪᠢᠭᠴᠢ ᠮᠥᠨ᠃ ᠲᠡᠳᠡᠨᠦᠰ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠲᠠᠢ ᠪᠠᠶᠢᠵᠤ᠂ ᠥᠭᠡᠷᠡᠴᠢᠯᠡᠯᠲᠡ ᠶᠢᠨ ᠢᠨᠵᠧᠨᠧᠷᠢᠩ ᠤᠨ ᠡᠯ᠎ᠡ ᠭᠤᠭᠴᠤᠭ᠎ᠠ ᠂ ᠪᠠᠷᠢᠯᠭ᠎ᠠ ᠶᠢᠨ ᠮᠠᠲ᠋ᠧᠷᠢᠶᠠᠯ ᠢ ᠰᠣᠩᠭᠤᠨ ᠬᠡᠷᠡᠭᠯᠡᠬᠦ᠂ ᠪᠠᠷᠢᠯᠭ᠎ᠠ ᠪᠠᠷᠢᠬᠤ ᠶᠠᠪᠤᠴᠠ ᠶᠢ ᠵᠢᠷᠤᠮᠵᠢᠭᠤᠯᠤᠨ ᠠᠵᠢᠯᠯᠠᠭᠤᠯᠬᠤ᠂ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠠᠪᠬᠤ ᠵᠡᠷᠭᠡ ᠶᠢ ᠪᠠᠭᠲᠠᠭᠠᠭᠰᠠᠨ ᠪᠥᠬᠦ ᠲᠠᠯ᠎ᠠ ᠪᠠᠷ ᠣᠶᠢᠯᠠᠭᠠᠬᠤ ᠬᠡᠷᠡᠭᠲᠡᠶ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠬᠤ᠂ ᠶᠠᠰᠤ ᠴᠢᠨᠠᠷ ᠢ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠷᠢᠯᠭ᠎ᠠ ᠪᠠᠷᠢᠬᠤ ᠶᠠᠪᠤᠴᠠ ᠳᠤ ᠣᠷᠣᠰᠢᠵᠤ ᠪᠠᠶᠢᠭ᠎ᠠ ᠶᠠᠰᠤ ᠴᠢᠨᠠᠷ ᠪᠠ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠳᠡᠭᠡᠭᠰᠢ ᠮᠡᠳᠡᠭᠦᠯᠦᠨ᠎ᠡ᠃      ᠨᠥᠭᠦᠭᠡ ᠲᠠᠯ᠎ᠠ ᠪᠠᠷ᠂ ︽ᠠᠷᠠᠳ ᠤᠨ ᠬᠢᠨᠠᠨ ᠬᠠᠮᠢᠶᠠᠷᠤᠭᠴᠢ︾ ᠪᠣᠯ ᠦᠭᠡᠷᠡᠴᠢᠯᠡᠯᠳᠡ ᠶᠢᠨ ᠢᠨᠵᠧᠨᠧᠷᠢᠩ ᠤᠨ ᠨᠡᠪᠲᠡᠷᠡᠯᠴᠡᠬᠦ ᠬᠥᠭᠦᠷᠭᠡ ᠪᠣᠯᠤᠨ᠎ᠠ᠃ ᠥᠭᠡᠷᠡᠴᠢᠯᠡᠨ ᠪᠠᠶᠢᠭᠤᠯᠬᠤ ᠶᠠᠪᠤᠴᠠ ᠳᠤ ᠪᠠᠷᠢᠯᠭ᠎ᠠ ᠪᠠᠷᠢᠬᠤ ᠲᠠᠯ᠎ᠠ ᠪᠣᠯᠤᠨ ᠰᠠᠭᠤᠭᠠᠯᠢ ᠠᠷᠠᠳ ᠤᠨ ᠬᠤᠭᠤᠷᠣᠨᠳᠣ ᠵᠥᠷᠢᠯᠳᠦᠭᠡᠨ ᠭᠠᠷᠬᠤ ᠨᠢ ᠵᠠᠶᠢᠯᠠᠰᠢ ᠦᠭᠡᠢ᠃ ︽ᠠᠷᠠᠳ ᠤᠨ ᠬᠢᠨᠠᠨ ᠬᠠᠮᠢᠶᠠᠷᠤᠭᠴᠢ︾ ᠨᠢ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠰᠠᠶᠢᠨ ᠤᠶᠢᠯᠠᠭᠠᠬᠤ ᠪᠠᠷ ᠪᠠᠷᠠᠬᠤ ᠥᠬᠡᠶ᠂ ᠨᠠᠩ ᠴᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤ ᠭᠦᠨᠵᠡᠭᠡᠶ ᠣᠶᠢᠯᠠᠭᠠᠯᠲᠠ ᠲᠠᠢ᠂ ᠰᠠᠭᠤᠭᠠᠯᠢ ᠠᠷᠠᠳ ᠤᠨ ᠰᠠᠨᠠᠯ ᠪᠠ ᠰᠠᠨᠠᠭᠤᠯᠭ᠎ᠠ ᠶᠢ ᠴᠠᠭ ᠲᠤᠬᠠᠶ ᠳᠤᠨᠢ ᠴᠤᠭᠯᠠᠭᠤᠯᠤᠨ ᠬᠠᠷᠢᠭᠤ ᠲᠤᠰᠬᠠᠵᠤ᠂ ᠢᠨᠵᠧᠨᠧᠷᠢᠩ ᠤᠨ ᠠᠬᠢᠴᠠ ᠳᠤ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠰᠠᠭᠤᠭᠠᠯᠢ ᠠᠷᠠᠳ ᠲᠤ ᠦᠯᠠᠮᠵᠢᠯᠠᠨ ᠮᠡᠳᠡᠭᠦᠯᠵᠦ᠂ ᠠᠳᠡᠭᠦᠷᠡᠯ ᠪᠠ ᠵᠥᠷᠢᠴᠡᠯ ᠢ ᠪᠠᠭᠠᠰᠬᠠᠬᠤ ᠂ ᠡᠯ᠎ᠡ ᠲᠠᠯ᠎ᠠ ᠶᠢᠨ ᠬᠤᠭᠤᠷᠣᠨᠳᠣᠬᠢ ᠨᠡᠪᠲᠡᠷᠡᠯᠴᠡᠭᠡ ᠵᠥᠪᠳᠡᠯᠴᠡᠭᠡ ᠶᠢ ᠠᠬᠢᠭᠤᠯᠵᠤ᠂ ᠰᠠᠭᠤᠭᠠᠯᠢ ᠠᠷᠠᠳ ᠤᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠤᠬᠠᠶ ᠢᠲᠡᠭᠡᠯ ᠪᠠ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠬᠦ ᠳᠤ ᠠᠰᠢᠭᠲᠠᠶ ᠪᠠᠶᠢᠳᠠᠭ᠃      ᠡᠭᠦᠨ ᠠᠴᠠ ᠭᠠᠳᠠᠨ᠎ᠠ᠂ ︽ᠠᠷᠠᠳ ᠤᠨ ᠬᠢᠨᠠᠨ ᠬᠠᠮᠢᠶᠠᠷᠤᠭᠴᠢ︾ ᠨᠢ ᠪᠠᠰᠠ ᠤᠬᠠᠭᠤᠯᠬᠤ ᠡᠭᠦᠷᠭᠡ ᠬᠠᠷᠢᠭᠤᠴᠠᠯᠭ᠎ᠠ ᠲᠠᠢ᠂ ᠰᠠᠭᠤᠭᠠᠯᠢ ᠠᠷᠠᠳ ᠲᠤ ᠦᠭᠡᠷᠡᠴᠢᠯᠡᠯᠳᠡ ᠶᠢᠨ ᠢᠨᠵᠧᠨᠧᠷᠢᠩ ᠤᠨ ᠬᠠᠮᠢᠶ᠎ᠠ ᠪᠦᠬᠦᠢ ᠮᠡᠳᠡᠯᠭᠡ ᠪᠠ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠲᠤᠭᠤᠷᠢᠭ ᠤᠨ ᠦᠭᠡᠷᠡᠴᠢᠯᠡᠯᠳᠡ ᠶᠢᠨ ᠢᠨᠵᠧᠨᠧᠷᠢᠩ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠶ᠃      ᠶᠡᠷᠦᠩᠬᠡᠢ ᠳᠤᠨᠢ ᠠᠪᠴᠤ ᠬᠡᠯᠡᠪᠡᠯ᠂ ︽ᠠᠷᠠᠳ ᠤᠨ ᠬᠢᠨᠠᠨ ᠬᠠᠮᠢᠶᠠᠷᠤᠭᠴᠢ︾ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠬᠢᠨᠠᠯᠲᠠ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃ ᠡᠯ᠎ᠡ ᠭᠠᠵᠠᠷ ᠤᠨ ᠬᠢᠨ ᠡᠨᠡ ᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠡᠯᠭᠡᠷᠡᠭᠦᠯᠵᠦ᠂ ᠨᠠᠩ ᠣᠯᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠬᠢᠨᠠᠯᠲᠠ ᠲᠠᠯᠪᠢᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠰᠠᠶᠢᠨ ᠰᠠᠶᠢᠬᠠᠨ ᠠᠮᠢᠳᠤᠷᠠᠯ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠬᠡᠷᠡᠭᠲᠡᠶ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1