ᠲᠣᠭᠲᠠᠬᠤ ᠰᠢᠶᠠᠨ ︽ᠤᠷᠠᠨ ᠪᠢᠴᠢᠯᠭᠡ ᠤᠷᠠᠨ ᠵᠢᠷᠤᠭ ᠤᠨ ᠬᠤᠶᠠᠷ ᠢ ᠬᠦᠷᠢᠶᠡᠯᠡᠬᠦ ᠬᠠᠶᠢᠷ᠎ᠠ ᠰᠡᠳᠬᠢᠯᠭᠡ ᠭᠦᠨ ᠵᠤᠵᠠᠭᠠᠨ︾ ᠰᠣᠶᠣᠯ ᠤᠨ ᠴᠡᠷᠢᠭ ᠤᠨ ᠬᠤᠸᠠᠷᠠᠨ ᠳᠤ ᠣᠷᠣᠬᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/2
      ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ᠂ ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠣᠭᠲᠠᠬᠤ ᠰᠢᠶᠠᠨ ︽ᠤᠷᠠᠨ ᠪᠢᠴᠢᠯᠭᠡ ᠤᠷᠠᠨ ᠵᠢᠷᠤᠭ ᠤᠨ ᠬᠤᠶᠠᠷ ᠢ ᠬᠦᠷᠢᠶᠡᠯᠡᠬᠦ ᠬᠠᠶᠢᠷ᠎ᠠ ᠰᠡᠳᠬᠢᠯᠭᠡ ᠭᠦᠨ ᠵᠤᠵᠠᠭᠠᠨ︾ ᠰᠣᠶᠣᠯ ᠤᠨ ᠴᠡᠷᠢᠭ ᠤᠨ ᠬᠤᠸᠠᠷᠠᠨ ᠳᠤ ᠣᠷᠣᠬᠤ ᠰᠢᠷᠢᠰ ᠠᠵᠢᠯᠯᠠᠭ᠎ᠠ ᠥᠷᠨᠢᠭᠦᠯᠪᠡ᠃      ᠰᠢᠶᠠᠨ ᠤ ᠤᠳᠤᠷᠢᠳᠤᠯᠭ᠎ᠠ ᠤᠷᠢᠳ ᠬᠤᠵᠢᠳ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠲᠠᠬᠤ ᠰᠢᠶᠠᠨ ᠳᠤ ᠰᠠᠭᠤᠭ᠎ᠠ ᠴᠡᠷᠢᠭ ᠠᠩᠭᠢ ᠳᠤ ᠬᠦᠷᠴᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠲᠡᠳᠡᠨ ᠤ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ᠂ ᠣᠷᠣᠨ ᠨᠤᠲᠤᠭ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠠᠵᠢᠯᠯᠠᠭ᠎ᠠ ᠶᠢᠨ ᠳᠤᠮᠳᠠ᠂ ᠰᠢᠶᠠᠨ ᠤ ᠤᠳᠤᠷᠢᠳᠤᠯᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠠᠵᠢᠯ᠂ ᠠᠮᠢᠳᠤᠷᠠᠯ ᠪᠠ ᠪᠣᠯᠪᠠᠰᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠰᠢᠶᠠᠨ ᠤ ᠤᠯᠠᠭᠠᠨᠮᠥ᠋ᠴᠢᠷ ᠠᠴᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠠᠪᠴᠢᠷᠠᠵᠤ᠂ ᠡᠷᠡᠭᠲᠡᠶ ᠡᠮᠡᠭᠲᠡᠶ ︽ᠬᠡᠨ ᠤ ᠲᠥᠯᠥᠭᠡ︾ ᠭᠡᠬᠦ ᠳᠠᠭᠤᠤ᠂ ᠡᠮᠡᠭᠲᠡᠶ ᠶᠢᠨ ᠭᠤᠴᠣᠯᠠᠯ ᠳᠠᠭᠤᠤ ︽ᠴᠡᠷᠢᠭ ᠤᠨ ᠠᠬ᠎ᠠ︾᠂ ᠴᠠᠬᠢᠯᠭᠠᠨ ᠬᠥᠭᠵᠢᠮ ᠤᠨ ᠠᠩᠭᠢ ︽ᠡᠷᠡᠭᠡᠯᠵᠡᠬᠦ ᠥᠬᠡᠶ︾᠂ ᠨᠠᠶᠢᠷᠠᠯ ᠳᠠᠭᠤᠤ ︽ᠴᠡᠷᠢᠭ ᠢ ᠬᠦᠴᠦᠷᠬᠡᠭᠵᠢᠭᠦᠯᠬᠦ ᠲᠡᠶᠢᠨ ᠤ ᠳᠠᠭᠤᠤ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠵᠠᠯᠭᠠᠭ᠎ᠠ ᠪᠠᠷ ᠲᠣᠭᠯᠠᠪᠠ᠃ ᠰᠢᠶᠠᠨ ᠤ ᠳᠣᠲᠣᠷᠠᠬᠢ ᠤᠷᠠᠨ ᠪᠢᠴᠢᠯᠭᠡᠲᠡᠨ ᠵᠢᠷᠤᠭᠴᠢᠳ ᠪᠠᠰᠠ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢᠶᠠᠨ ᠳᠡᠯᠭᠡᠨ ᠦᠵᠡᠭᠦᠯᠵᠦ᠂ ᠴᠡᠷᠢᠭ ᠢᠶᠠᠨ ᠬᠦᠷᠢᠶᠡᠯᠡᠬᠦ᠂ ᠴᠡᠷᠢᠭ ᠢᠶᠠᠨ ᠬᠠᠶᠢᠷᠠᠯᠠᠬᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠬᠢ ᠶᠢᠨ ᠵᠡᠪᠰᠡᠭᠲᠦ ᠴᠠᠭᠳᠠᠭ᠎ᠠ ᠶᠢᠨ ᠪᠠᠶᠢᠭᠤᠯᠤᠯᠲᠠ ᠶᠢ ᠳᠡᠮᠵᠢᠵᠦ᠂ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1