ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠭᠤᠸᠠᠩ ᠮᠢᠩ ᠨᠡᠶᠢᠭᠡᠮ ᠲᠣᠭᠤᠷᠢᠭ ᠲᠤ ᠬᠦᠷᠴᠦ ᠬᠡᠷ ᠲᠡᠭᠡᠨ ᠬᠤᠴᠣᠷᠤᠭᠰᠠᠨ ᠬᠡᠤᠬᠡᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/2
      ᠬᠡᠦᠬᠡᠳ ᠪᠣᠯ ᠡᠬᠡ ᠣᠷᠣᠨ ᠤ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠬᠠᠯᠠᠮᠵᠢ ᠮᠡᠬᠦᠰᠳᠡᠭᠰᠡᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠤᠯᠠᠮ ᠨᠢᠭᠡ ᠠᠯᠬᠤᠮ ᠬᠠᠯᠠᠮᠵᠢᠯᠠᠨ ᠬᠠᠶᠢᠷᠠᠯᠠᠵᠤ ᠂ ᠦᠨᠡᠨᠬᠦ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠭᠡᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠡᠪᠯᠡᠯ ᠤᠨ ᠬᠤᠷᠢᠶ᠎ᠠ ᠭᠤᠸᠠᠩ ᠮᠢᠩ ᠨᠡᠶᠢᠭᠡᠮ ᠲᠣᠭᠤᠷᠢᠭ ᠲᠤ ᠬᠦᠷᠴᠦ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠣᠬᠤᠨᠢᠭᠤᠯᠪᠠ᠃
   ᠲᠣᠬᠤᠨᠢᠭᠤᠯᠬᠤ ᠶᠠᠪᠤᠴᠠ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠡᠦᠬᠡᠳ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠠᠮᠢᠳᠤᠷᠠᠯ ᠤᠨ ᠪᠠᠶᠢᠳᠠᠯ ᠪᠣᠯᠤᠨ ᠰᠤᠷᠤᠯᠭ᠎ᠠ ᠶᠢᠨ ᠪᠠᠶᠢᠳᠠᠯ ᠢ ᠠᠰᠠᠭᠤᠵᠤ᠂ ᠲᠡᠭᠦᠨ ᠳᠤ ᠰᠤᠷᠤᠯᠭ᠎ᠠ ᠶᠢᠨ ᠬᠡᠷᠡᠭᠰᠡᠯ᠂ ᠠᠮᠢᠳᠤᠷᠠᠯ ᠤᠨ ᠲᠣᠬᠤᠨᠢᠭᠤᠯᠬᠤ ᠪᠣᠳᠠᠰ ᠬᠦᠷᠭᠡᠵᠦ᠂ ᠲᠡᠭᠦᠨ ᠢ ᠠᠯᠤᠰ ᠬᠡᠳᠤ ᠶᠢᠨ ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠵᠤ᠂ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠰᠢᠯᠢᠳᠡᠭ ᠠᠮᠵᠢᠯᠲᠠ ᠪᠠᠷ ᠢᠶᠠᠨ ᠡᠬᠡ ᠤᠯᠤᠰ ᠤᠨ ᠢᠶᠠᠨ ᠠᠴᠢ ᠶᠢ ᠬᠠᠷᠢᠭᠤᠯᠵᠤ᠂ ᠨᠡᠶᠢᠭᠡᠮ ᠳᠤ ᠦᠢᠯᠡᠴᠢᠯᠡᠵᠦ᠂ ᠤᠯᠤᠰ ᠣᠷᠣᠨ᠂ ᠨᠡᠶᠢᠭᠡᠮ ᠳᠤ ᠬᠡᠷᠡᠭᠴᠡᠭᠡ ᠲᠠᠢ ᠲᠤᠯᠭᠠᠭᠤᠷᠢ ᠬᠦᠴᠦᠨ ᠪᠣᠯᠤᠭᠠᠷᠠᠢ ᠭᠡᠵᠦ ᠵᠣᠷᠢᠭᠵᠢᠭᠤᠯᠪᠠ᠃
   ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠡᠳ᠋ ᠪᠣᠳᠠᠰ ᠤᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠵᠤ ᠵᠣᠷᠢᠭᠵᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠪᠠᠳᠠᠷᠠᠭᠤᠯᠵᠤ᠂ ᠡᠬᠢ ᠪᠠᠶᠠᠯᠢᠭ ᠤᠨ ᠠᠷᠭ᠎ᠠ ᠵᠠᠮ᠂ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠬᠤ ᠠᠵᠢᠯ ᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠰᠢᠨ᠎ᠡ ᠴᠠᠭ ᠦᠶ᠎ᠡ ᠶᠢᠨ ᠬᠦᠰᠡᠯ ᠤᠨ ᠢᠨᠵᠧᠨᠧᠷᠢᠩ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠶᠢᠷ᠎ᠠ ᠬᠠᠯᠠᠮᠵᠢᠯᠠᠯ ᠪᠣᠯᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠲᠡᠳᠡᠨ ᠢ ᠦᠨᠡᠨᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠤ ᠡᠷᠡᠭᠦᠯ ᠴᠢᠭᠢᠷᠠᠭ ᠢᠳᠡᠷᠡᠭᠦᠨ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠨ᠎ᠡ᠃  ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1