ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠬᠥᠳᠡᠭᠡ ᠲᠣᠰᠬᠤᠨ ᠤ ᠬᠡᠷ ᠪᠠᠶᠢᠰᠢᠩ ᠤᠨ ᠭᠠᠮᠰᠢᠭ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/8/2
       ᠮᠠᠨ ᠤ ᠤᠯᠤᠰ ᠪᠣᠯ ᠲᠡᠯᠡᠬᠡᠢ ᠲᠡᠭᠡᠷ᠎ᠡ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡ ᠪᠠᠷ ᠬᠠᠮᠤᠭ ᠤᠨ ᠬᠦᠨᠳᠦ ᠨᠣᠴᠢᠲᠠᠶ ᠤᠯᠤᠰ ᠤᠨ ᠨᠢᠭᠡ  ᠪᠤᠯᠤᠨ᠎ᠠ᠂ ᠪᠠᠶᠢᠩᠭᠤ ᠶᠢᠨ ᠴᠢᠨᠠᠷᠲᠠᠶ ᠲᠠᠶᠢᠹᠤᠩ ᠰᠠᠯᠬᠢ ᠰᠠᠯᠬᠢᠯᠠᠬᠤ᠂ ᠰᠢᠷᠦᠭᠦᠨ ᠪᠣᠷᠣᠭᠠᠨ ᠵᠡᠷᠭᠡ ᠣᠨᠴᠠᠭᠠᠶ ᠴᠠᠭ ᠠᠭᠤᠷ ᠡᠭᠦᠰᠴᠦ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠯᠤᠲᠤ ᠶᠡᠭᠡ ᠬᠤᠬᠢᠷᠠᠯ ᠤᠴᠠᠷᠠᠭᠤᠯᠵᠤ ᠪᠠᠶᠢᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠢᠷᠦᠭᠦᠨ ᠪᠣᠷᠣᠭᠠᠨ ᠦᠶᠡᠷ ᠤᠰᠤᠲᠤᠯ ᠤᠨ ᠭᠠᠮᠰᠢᠭ᠂ ᠲᠠᠶᠢᠹᠤᠩ ᠰᠠᠯᠬᠢ᠂ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯ ᠪᠠ ᠮᠥᠨᠳᠥᠷ ᠵᠡᠷᠭᠡ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠳᠤ ᠨᠥᠯᠥᠭᠡ ᠦᠵᠡᠭᠦᠯᠬᠦ ᠪᠠᠶᠢᠭᠠᠯᠢ ᠶᠢᠨ ᠭᠠᠮᠰᠢᠭ ᠤᠨ ᠣᠨᠴᠠᠯᠢᠭ ᠪᠠ ᠡᠪᠳᠡᠯᠡᠭᠡ ᠶᠢᠨ ᠪᠠᠶᠢᠳᠠᠯ ᠢ ᠡᠮᠬᠢᠯᠡᠨ ᠳ᠋ᠦᠩᠨᠡᠵᠦ᠂ ᠭᠠᠮᠰᠢᠭ ᠠᠴᠠ ᠡᠮᠦᠨᠡᠬᠢ ᠤᠷᠢᠳᠴᠢᠯᠠᠨ ᠰᠡᠷᠭᠡᠶᠢᠯᠡᠬᠦ᠂ ᠭᠠᠮᠰᠢᠭ ᠢ ᠠᠷᠭᠠᠴᠠᠭᠠᠬᠤ᠂ ᠭᠠᠮᠰᠢᠭ ᠤᠨ ᠳᠠᠷᠠᠭ᠎ᠠ ᠰᠢᠢᠳᠪᠦᠷᠢᠯᠡᠬᠦ ᠭᠤᠷᠪᠠᠨ ᠭᠤᠭᠴᠤᠭ᠎ᠠ ᠳᠤ ᠬᠥᠳᠡᠭᠡ ᠲᠣᠰᠬᠤᠨ ᠤ ᠭᠡᠷ ᠪᠠᠶᠢᠰᠢᠩ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠶᠡᠷᠦ ᠶᠢᠨ ᠮᠡᠳᠡᠯᠭᠡ ᠵᠢᠴᠢ ᠭᠠᠮᠰᠢᠭ ᠤᠨ ᠳᠠᠷᠠᠭᠠᠬᠢ ᠬᠥᠳᠡᠭᠡ ᠲᠣᠰᠬᠤᠨ ᠤ ᠭᠡᠷ ᠪᠠᠶᠢᠰᠢᠩ ᠢ ᠰᠡᠯᠪᠢᠨ ᠵᠠᠰᠠᠬᠤ ᠮᠡᠷᠭᠡᠵᠢᠯ ᠤᠨ ᠭᠤᠤᠯᠳᠠᠯᠭ᠎ᠠ ᠶᠢ ᠳᠤᠷᠠᠳᠴᠤ᠂ ︽ᠬᠥᠳᠡᠭᠡ ᠲᠣᠰᠬᠤᠨ ᠤ ᠭᠡᠷ ᠪᠠᠶᠢᠰᠢᠩ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠶᠡᠷᠦ ᠶᠢᠨ ᠮᠡᠳᠡᠯᠭᠡ︾ ᠶᠢ  ᠨᠠᠶᠢᠷᠠᠭᠤᠯᠤᠨ ᠵᠤᠬᠢᠶᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠮᠰᠢᠭ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠲᠠᠷᠢᠶᠠᠴᠢᠨ ᠲᠦᠮᠡᠨ ᠤ ᠭᠠᠮᠰᠢᠭ ᠢ ᠰᠡᠷᠭᠡᠶᠢᠯᠡᠬᠦ ᠤᠬᠠᠮᠰᠠᠷ ᠵᠢᠴᠢ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠢᠯᠠᠩᠭᠤᠶ᠎ᠠ ᠳᠠᠭᠠᠭᠠᠴᠠ ᠶᠢᠨ ᠴᠢᠳᠠᠪᠤᠷᠢ ᠪᠠᠷ ᠨᠡᠯᠢᠶᠡᠳ ᠪᠠᠭᠤᠷᠠᠶ᠂ ᠬᠤᠷ᠎ᠠ ᠲᠤᠨᠳᠠᠰᠤᠨ ᠤ ᠬᠡᠮᠵᠢᠶ᠎ᠡ ᠢᠮᠠᠭᠲᠠ ᠪᠥᠬᠦ ᠵᠢᠯ ᠤᠨ ᠪᠣᠷᠣᠭᠠᠨ ᠤ ᠬᠡᠮᠵᠢᠶᠡᠨ ᠤ 1 / 3 ᠣᠷᠴᠢᠮ ᠢ ᠡᠵᠡᠯᠡᠬᠦ ᠤᠮᠠᠷᠠᠲᠤ ᠣᠷᠣᠨ ᠳᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠬᠦ ᠴᠢᠬᠤᠯᠠᠲᠠᠶ ᠪᠠᠶᠢᠨ᠎ᠠ᠃ ᠰᠢᠷᠦᠭᠦᠨ ᠪᠣᠷᠣᠭᠠᠨ ᠤ ᠳᠠᠭᠠᠷᠢᠯᠲᠠ ᠳᠤ ᠴᠢᠭᠯᠡᠭᠦᠯᠦᠨ᠂ ᠲᠤᠰᠬᠠᠶ ᠮᠡᠷᠭᠡᠵᠢᠯᠲᠡᠳ ᠠᠴᠠ᠂ ᠬᠡᠷ ᠤᠨ ᠤᠷᠤᠢ ᠶᠢᠨ ᠬᠤᠭ ᠨᠤᠪᠰᠢ ᠡᠪᠡᠰᠦ ᠮᠤᠳᠤ ᠮᠡᠳᠦ ᠶᠢᠨ ᠡᠯᠳᠡᠪ ᠪᠣᠳᠠᠰ ᠢ ᠴᠠᠭ ᠲᠤᠬᠠᠶ ᠳᠤᠨᠢ ᠴᠡᠪᠡᠷᠯᠡᠵᠦ᠂ ᠤᠰᠤ ᠭᠠᠳᠠᠭᠰᠢᠯᠠᠭᠤᠯᠬᠤ ᠰᠢᠰᠲ᠋ᠧᠮ ᠢ ᠰᠠᠭᠠᠳ ᠥᠬᠡᠶ ᠨᠡᠪᠳᠡᠷᠡᠭᠦᠯᠬᠦ᠂ ᠬᠡᠷ ᠤᠨ ᠭᠠᠳᠠᠷᠭᠤ ᠶᠢ ᠰᠡᠯᠪᠢᠨ ᠵᠠᠰᠠᠬᠤ ᠪᠤᠶᠤ ᠲᠦᠷ ᠴᠠᠭ ᠬᠠᠯᠬᠠᠯᠠᠬᠤ ᠶᠢ ᠦᠨᠡᠨ ᠬᠦ ᠪᠠᠲᠤᠯᠠᠵᠤ᠂ ᠬᠡᠷ ᠪᠠᠶᠢᠰᠢᠩ ᠤᠨ ᠡᠷᠬᠢᠨ ᠲᠣᠭᠤᠷᠢᠨ ᠤ ᠣᠶᠢᠷ᠎ᠠ ᠪᠠᠶᠢᠭ᠎ᠠ ᠠᠭᠤᠯᠠᠨ ᠴᠣᠭᠴᠠ᠂ ᠨᠠᠯᠠᠤ ᠶᠢ ᠬᠠᠮᠠᠭᠠᠯᠠᠬᠤ ᠵᠡᠷᠭᠡ ᠶᠢ ᠪᠠᠶᠢᠴᠠᠭᠠᠵᠤ᠂ ᠬᠠᠭᠠᠷᠠᠬᠤ᠂ ᠲᠣᠪᠤᠶᠢᠬᠤ ᠪᠠ ᠭᠤᠯᠭᠤᠬᠤ ᠵᠡᠷᠭᠡ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠭᠠᠮᠰᠢᠭᠳᠠᠭᠰᠠᠨ ᠦᠶ᠎ᠡ ᠳᠤ᠂ ᠤᠰᠤ  ᠬᠤᠷᠢᠭᠯᠠᠬᠤ ᠠᠷᠭ᠎ᠠ ᠬᠡᠮᠵᠢᠶ᠎ᠡ ᠠᠪᠬᠤ ᠵᠡᠷᠭᠡ ᠲᠦᠷ ᠴᠠᠭ ᠤᠨ ᠠᠷᠭᠠᠴᠠᠭᠠᠬᠤ ᠠᠷᠭ᠎ᠠ ᠶᠢ ᠠᠪᠴᠤ ᠪᠣᠯᠤᠨ᠎ᠠ᠂ ᠬᠡᠷᠪᠡ ᠭᠡᠷ ᠪᠠᠶᠢᠰᠢᠩ ᠤᠨ ᠥᠪᠡᠷ ᠤᠨ ᠪᠦᠲᠦᠴᠡ ᠪᠤᠶᠤ ᠡᠷᠭᠢᠨ ᠲᠣᠭᠤᠷᠢᠨ ᠤ ᠣᠷᠴᠢᠨ ᠲᠣᠭᠤᠷᠢᠨ ᠳᠤ ᠠᠮᠤᠷ ᠲᠦᠪᠰᠢᠨ ᠤ ᠳᠠᠯᠳᠠ ᠭᠡᠮ ᠭᠠᠷᠪᠠᠯ ᠴᠠᠭ ᠲᠤᠬᠠᠶ ᠳᠤᠨᠢ ᠲᠦᠷᠭᠡᠨ ᠵᠠᠶᠢᠯᠠᠬᠤ ᠬᠡᠷᠡᠭᠲᠡᠶ᠃      ᠮᠠᠨ ᠤ ᠤᠯᠤᠰ ᠤᠨ ᠵᠡᠭᠦᠨ ᠡᠮᠦᠨᠡᠲᠦ ᠶᠢᠨ ᠳᠠᠯᠠᠶ ᠳᠠᠭᠠᠤ ᠣᠷᠣᠨ ᠳᠤ ᠲᠠᠶᠢᠹᠤᠩ ᠰᠠᠯᠬᠢ ᠪᠣᠯᠤᠨ ᠳᠣᠭᠰᠢᠨ ᠪᠣᠷᠣᠭᠠᠨ ᠦᠷᠭᠦᠯᠵᠢ ᠬᠠᠮᠲᠤ ᠡᠭᠦᠰᠳᠡᠭ᠃ ᠡᠨᠡ ᠬᠦ ᠭᠠᠮᠰᠢᠭ ᠤᠨ ᠲᠤᠬᠠᠶ᠂ ᠲᠤᠰᠬᠠᠶ ᠮᠡᠷᠭᠡᠵᠢᠯᠲᠡᠳ ᠠᠴᠠ ᠬᠡᠷ ᠪᠠᠶᠢᠰᠢᠩ ᠢᠶᠠᠨ ᠤᠷᠢᠳᠴᠢᠯᠠᠨ ᠪᠠᠬᠢᠵᠢᠭᠦᠯᠵᠦ᠂ ᠡᠭᠦᠳᠡ ᠴᠣᠩᠬᠤ ᠪᠠᠨ ᠪᠠᠳᠤᠳᠬᠠᠵᠤ᠂ ᠨᠡᠷᠡᠨ ᠤ ᠡᠨᠧᠷᠭᠢ ᠶᠢᠨ ᠬᠠᠪᠲᠠᠰᠤ ᠵᠡᠷᠭᠡ ᠬᠡᠷ ᠪᠠᠶᠢᠰᠢᠩ ᠤᠨ ᠳᠠᠭᠠᠯᠲᠠ ᠲᠣᠨᠣᠭᠯᠠᠭᠠᠰᠤ ᠶᠢᠨ ᠨᠠᠶᠢᠳᠠᠪᠤᠷᠢᠲᠠᠶ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠬᠡᠷ ᠪᠠᠶᠢᠰᠢᠩ ᠤᠨ ᠡᠷᠬᠢᠨ ᠲᠣᠭᠤᠷᠢᠨ ᠤ ᠥᠨᠳᠥᠷ ᠡᠰᠢᠲᠦ ᠮᠣᠳᠣ ᠶᠢ ᠬᠢᠷᠭᠠᠨ ᠵᠠᠰᠠᠬᠤ ᠰᠠᠨᠠᠭᠤᠯᠭ᠎ᠠ ᠭᠠᠷᠭᠠᠵᠠᠶ᠃ ᠲᠠᠶᠢᠹᠤᠩ ᠰᠠᠯᠬᠢ ᠢᠷᠡᠬᠦ ᠦᠶ᠎ᠡ ᠳᠤ ᠠᠯᠢ ᠴᠢᠳᠠᠬᠤ ᠪᠠᠷ ᠠᠮᠤᠷ ᠲᠦᠪᠰᠢᠨ ᠪᠠᠲᠤ ᠪᠠᠬᠢ ᠭᠡᠷ ᠪᠠᠶᠢᠰᠢᠩ ᠳᠤ ᠡᠭᠦᠳᠡ ᠴᠣᠩᠬᠤ ᠠᠴᠠ ᠪᠠᠨ ᠬᠤᠯᠠᠬᠠᠨ ᠪᠠᠶᠢᠬᠤ ᠬᠡᠷᠡᠭᠲᠡᠶ᠃      ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠥᠯ ᠤᠨ ᠭᠠᠮᠰᠢᠭ ᠲᠤ ᠴᠢᠭᠯᠡᠭᠦᠯᠦᠨ᠂ ᠲᠤᠰᠬᠠᠶ ᠮᠡᠷᠭᠡᠵᠢᠯᠲᠡᠨ ᠠᠴᠠ ᠲᠦᠷ ᠴᠠᠭ ᠤᠨ ᠪᠠᠷᠢᠯᠭ᠎ᠠ᠂ ᠬᠠᠰᠢᠶ᠎ᠠ ᠰᠠᠷᠠᠪᠴᠢ᠂ ᠬᠥᠩᠭᠡᠪᠲᠦᠷ ᠴᠢᠨᠠᠷᠲᠠᠶ ᠬᠡᠷ ᠪᠠᠶᠢᠰᠢᠩ ᠪᠠ ᠲᠤᠮᠦ ᠪᠦᠲᠦᠴᠡ ᠲᠠᠢ ᠬᠡᠷ ᠪᠠᠶᠢᠰᠢᠩ ᠤᠨ ᠠᠮᠤᠷ ᠲᠦᠪᠰᠢᠨ ᠤ ᠴᠢᠨᠠᠷ ᠢ ᠭᠤᠤᠯᠳᠠᠯᠭ᠎ᠠ ᠲᠠᠢ ᠠᠩᠬᠠᠷᠴᠤ᠂ ᠡᠯ᠎ᠡ ᠲᠣᠨᠣᠭᠯᠠᠭᠠᠰᠤ ᠶᠢᠨ ᠵᠠᠩᠭᠢᠯᠠᠭ᠎ᠠ ᠶᠢᠨ ᠴᠡᠭ ᠤᠨ ᠬᠤᠯᠪᠣᠯᠲᠠ ᠪᠠ ᠳᠠᠭᠠᠭᠠᠴᠠ ᠶᠢᠨ ᠪᠠᠶᠢᠳᠠᠯ ᠤᠨ ᠨᠠᠶᠢᠳᠠᠪᠤᠷᠢᠲᠠᠶ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠴᠠᠰᠤ ᠣᠷᠣᠬᠤ ᠪᠤᠶᠤ ᠬᠦᠢᠳᠡᠨ ᠪᠣᠷᠣᠭᠠᠨ ᠤ ᠶᠠᠪᠤᠴᠠ ᠳᠤ᠂ ᠬᠡᠷ ᠤᠨ ᠤᠷᠤᠢ ᠲᠡᠭᠡᠷ᠎ᠡ ᠬᠤᠷᠠᠭᠰᠠᠨ ᠴᠠᠰᠤ ᠪᠠ ᠬᠡᠷ ᠤᠨ ᠰᠠᠷᠠᠪᠴᠢ ᠶᠢᠨ ᠳᠣᠤᠷᠠᠬᠢ ᠮᠥᠰᠥ ᠴᠠᠰᠤ ᠶᠢ ᠴᠠᠭ ᠲᠤᠬᠠᠶ ᠳᠤᠨᠢ ᠴᠡᠪᠡᠷᠯᠡᠵᠦ᠂ ᠠᠶᠤᠯᠲᠠᠶ ᠬᠡᠷ ᠪᠠᠶᠢᠰᠢᠩ ᠵᠢᠴᠢ ᠲᠤᠮᠦ ᠪᠦᠳᠦᠴᠡᠳᠦ ᠬᠡᠷ ᠪᠠᠶᠢᠰᠢᠩ᠂ ᠬᠥᠩᠭᠡᠪᠲᠦᠷ ᠬᠠᠰᠢᠶ᠎ᠠ ᠰᠠᠷᠠᠪᠴᠢ ᠵᠡᠷᠭᠡ ᠠᠴᠠ ᠬᠤᠯᠠ ᠵᠠᠶᠢᠯᠠᠨ᠎ᠠ᠃      ᠲᠤᠰᠬᠠᠶ ᠮᠡᠷᠭᠡᠵᠢᠯᠲᠡᠳ᠂ ᠰᠢᠷᠦᠭᠦᠨ ᠪᠣᠷᠣᠭᠠᠨ᠂ ᠲᠠᠶᠢᠹᠤᠩ ᠰᠠᠯᠬᠢ᠂ ᠬᠦᠢᠲᠡᠨ ᠠᠭᠤᠷ ᠠᠮᠢᠰᠬᠤᠯ᠂ ᠪᠣᠷᠣᠭᠠᠨ ᠴᠠᠰᠤ ᠮᠥᠰᠥᠲᠦᠯ ᠵᠡᠷᠭᠡ ᠣᠨᠴᠠᠭᠠᠶ ᠴᠠᠭ ᠠᠭᠤᠷ ᠵᠢᠴᠢ ᠦᠶᠡᠷ ᠤᠨ ᠤᠰᠤ᠂ ᠠᠭᠤᠯᠠ ᠶᠡᠭᠦᠷᠡᠬᠦ᠂ ᠰᠢᠪᠠᠷ ᠴᠢᠯᠠᠭᠤᠨ ᠤᠷᠤᠰᠬᠠᠯ᠂ ᠮᠥᠨᠳᠥᠷ ᠵᠡᠷᠭᠡ ᠭᠠᠮᠰᠢᠭ ᠠᠴᠠ ᠪᠣᠯᠵᠤ᠂ ᠲᠠᠷᠢᠶᠠᠴᠢᠳ ᠤᠨ ᠭᠡᠷ ᠪᠠᠶᠢᠰᠢᠩ ᠢ ᠬᠤᠬᠢᠷᠠᠭᠤᠯᠬᠤ ᠳᠤ ᠨᠥᠯᠥᠭᠡᠯᠡᠬᠦ ᠬᠡᠪᠴᠢᠶ᠎ᠡ ᠨᠢ ᠥᠷᠭᠡᠨ᠂ ᠭᠠᠮᠰᠢᠭᠳᠠᠭᠰᠠᠨ ᠲᠤᠭ᠎ᠠ ᠬᠡᠮᠵᠢᠶ᠎ᠡ ᠨᠢ ᠣᠯᠠᠨ᠂ ᠭᠠᠮᠰᠢᠭ ᠤᠨ ᠬᠡᠯᠪᠡᠷᠢ ᠨᠢ ᠣᠯᠠᠨ ᠶᠠᠩᠵᠦ ᠵᠡᠷᠭᠡ ᠣᠨᠴᠠᠯᠢᠭ ᠲᠠᠢ ᠪᠠᠶᠢᠵᠤ᠂ ᠬᠥᠳᠡᠭᠡ ᠲᠤᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠳᠤ ᠨᠡᠯᠢᠶᠡᠳ ᠶᠡᠭᠡ ᠰᠦᠷᠳᠡᠭᠦᠯᠦᠯ ᠪᠤᠯᠤᠨ᠎ᠠ᠃ ᠡᠯ᠎ᠡ ᠭᠠᠵᠠᠷ ᠤᠨ ᠬᠢᠨ ᠭᠡᠷ ᠪᠠᠶᠢᠰᠢᠩ ᠤᠨ ᠡᠳᠦᠷ ᠲᠤᠲᠤᠮ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠭᠠᠮᠰᠢᠭ ᠠᠴᠠ ᠪᠣᠯᠤᠭᠰᠠᠨ ᠬᠤᠬᠢᠷᠠᠯ ᠢ ᠪᠦᠲᠦᠮᠵᠢᠲᠡᠶ ᠪᠠᠭᠤᠷᠠᠭᠤᠯᠵᠤ᠂ ᠲᠠᠷᠢᠶᠠᠴᠢᠨ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠡᠢ ᠭᠡᠵᠤ ᠵᠢᠭᠠᠨ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1