ᠮᠡᠳᠡᠭᠡᠯᠡᠯ ᠢ ᠦᠨᠲᠦᠰᠦᠯᠡᠪᠡᠯ᠂ ᠵᠠᠷᠢᠮ ᠬᠤᠲᠠ ᠶᠢᠨ ᠵᠠᠮ ᠲᠡᠬᠡᠷ᠎ᠡ ᠪᠤᠰᠤᠭ᠎ᠠ ᠪᠠᠭᠠᠨ᠎ᠠ ᠶᠢᠨ ᠬᠡᠯᠪᠡᠷᠢ᠂ | ᠬᠦᠨᠳᠡᠯᠡᠨ ᠵᠢᠷᠤᠭᠠᠰᠤ ᠶᠢᠨ ᠬᠡᠯᠪᠡᠷᠢ ᠵᠢᠴᠢ ᠪᠦᠭᠡᠷᠡᠩᠬᠡᠢ ᠴᠢᠯᠠᠭᠤ ᠶᠢᠨ ᠬᠡᠯᠪᠡᠷᠢ ᠮᠡᠳᠦ ᠠᠲᠠᠯᠢ ᠪᠤᠰᠦ ᠬᠡᠯᠪᠡᠷᠢ ᠶᠢᠨ | ᠲᠡᠷᠬᠡ ᠬᠤᠷᠢᠭᠯᠠᠬᠤ ᠳᠦᠭᠦᠭᠡᠷᠤᠮᠵᠢ ᠶᠢ ᠪᠠᠶᠢᠷᠢᠯᠠᠭᠤᠯᠤᠨ ᠤᠭᠰᠠᠷᠠᠵᠠᠢ᠃ ᠭᠡᠪᠡᠴᠦ ᠡᠵᠡᠯᠡᠬᠦᠨ ᠨᠢ ᠨᠡᠯᠢᠶᠡᠳ ᠶᠡᠭᠡ᠂ | ᠪᠠᠶᠢᠷᠢᠯᠠᠭᠤᠯᠤᠯᠲᠠ ᠨᠢ ᠨᠡᠯᠢᠶᠡᠳ ᠨᠢᠭᠲᠠ ᠪᠠᠶᠢᠳᠠᠭ ᠠᠴᠠ ᠶᠠᠪᠠᠭᠠᠨ ᠬᠦᠮᠦᠨ ᠤ ᠵᠠᠮ ᠢ ᠡᠳᠦᠢ ᠲᠡᠳᠦᠢ ᠬᠠᠷᠰᠢᠯᠠᠵᠤ | ᠪᠠᠶᠢᠨ᠎ᠠ᠂ ᠤᠤᠯ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠷᠤᠮᠵᠢᠭᠤᠯᠬᠤ᠂ ᠠᠮᠤᠷ ᠲᠦᠪᠰᠢᠨ ᠢ | ᠪᠠᠲᠤᠯᠠᠬᠤ ᠪᠠᠷ ᠵᠤᠷᠢᠯᠭ᠎ᠠ ᠪᠤᠯᠭᠠᠭᠰᠠᠨ ᠲᠡᠷᠭᠡ ᠬᠤᠷᠢᠭᠯᠠᠬᠤ ᠲᠥᠬᠦᠭᠡᠷᠦᠮᠵᠢ ᠨᠢ ᠤᠳᠤ ᠳᠤ ᠬᠤᠲᠠ ᠶᠢᠨ | ᠠᠷᠠᠳ ᠤᠨ ᠶᠠᠪᠤᠵᠤ ᠰᠠᠭᠤᠬᠤ ᠳᠤ ︽ᠰᠠᠭᠠᠳ ᠲᠣᠳᠬᠠᠷ︾ ᠪᠤᠯᠵᠦ ᠪᠠᠶᠢᠨ᠎ᠠ᠃ | ᠵᠣᠬᠢᠶᠠᠭᠴᠢ ᠶᠢᠨ ᠦᠵᠡᠬᠦ ᠪᠠᠷ᠂ ᠲᠡᠷᠭᠡ ᠬᠤᠷᠢᠭᠯᠠᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠪᠠᠶᠢᠷᠢᠯᠠᠭᠤᠯᠤᠨ | ᠤᠭᠰᠠᠷᠠᠭᠰᠠᠨ᠂ ᠬᠠᠮᠢᠶᠠᠷᠤᠯᠲᠠ ᠢᠶᠠᠨ ᠪᠤᠳᠠᠳᠠᠶᠢᠵᠢᠭᠤᠯᠤᠭᠰᠠᠨ ᠦᠭᠡᠢ ᠵᠡᠷᠭᠡ ᠠᠰᠠᠭᠤᠳᠠᠯ ᠠᠴᠠ ᠪᠤᠯᠵᠤ | ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠪᠠᠭ᠎ᠠ ᠪᠤᠰᠤ ᠬᠦᠴᠢᠷᠳᠡᠯ ᠤᠴᠠᠷᠠᠭᠤᠯᠤᠭᠰᠠᠨ ᠪᠠᠶᠢᠨ᠎ᠠ᠃ | ᠡᠶᠢᠮᠦ ᠠᠴᠠ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠵᠦ᠂ ᠲᠡᠷᠭᠡ ᠬᠤᠷᠢᠭᠯᠠᠬᠤ ᠲᠦᠭᠦᠭᠡᠷᠦᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠭᠠᠳᠠᠭᠰᠢ | ᠶᠠᠪᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠤᠯᠭᠠᠵᠤ ᠦᠭᠭᠦᠪᠡᠯ ᠵᠤᠬᠢᠨ᠎ᠠ᠃ | ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠭᠤᠤᠯᠯᠠᠬᠤ ᠦᠢᠯᠡᠳᠦᠯ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ | ᠲᠤᠬᠢᠷᠠᠭᠤᠯᠤᠯᠳᠠ ᠶᠢᠨ ᠪᠠᠷᠢᠮᠵᠢᠶ᠎ᠠ ᠪᠣᠯᠤᠨ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠵᠤ᠂ ᠲᠡᠷᠭᠡ ᠬᠤᠷᠢᠭᠯᠠᠬᠤ | ᠲᠦᠭᠦᠭᠡᠷᠦᠮᠵᠢ ᠶᠢᠨ ᠪᠠᠶᠢᠷᠢᠯᠠᠭᠤᠯᠤᠯᠲᠠ ᠶᠢ ᠬᠤᠲᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ | ᠬᠡᠷᠡᠭᠴᠡᠭᠡ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠣᠯᠠᠨ ᠨᠡᠶᠢᠲᠡ ᠶᠢᠨ | ᠣᠷᠣᠯᠴᠠᠬᠤ ᠲᠠᠪᠴᠠᠩ ᠢ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠡᠷᠭᠡ ᠬᠤᠷᠢᠭᠯᠠᠬᠤ | ᠲᠦᠭᠦᠭᠡᠷᠦᠮᠵᠢ ᠶᠢᠨ ᠬᠠᠮᠢᠶᠠᠷᠤᠯᠲᠠ ᠶᠢᠨ ᠶᠠᠷᠢᠯᠴᠠᠭ᠎ᠠ ᠪᠠ ᠬᠢᠨᠠᠯᠲᠠ ᠳᠤ ᠣᠷᠣᠯᠴᠠᠬᠤ ᠶᠢ ᠵᠣᠷᠢᠭᠵᠢᠭᠤᠯᠵᠤ᠂ | ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠨ᠎ᠠ᠃ | ᠨᠢᠭᠡᠳᠦᠯᠲᠡᠶ ᠪᠠᠷᠢᠮᠵᠢᠶ᠎ᠠ ᠲᠣᠭᠲᠠᠭᠠᠵᠤ᠂ ᠲᠡᠷᠭᠡ ᠬᠤᠷᠢᠭᠯᠠᠬᠤ ᠲᠦᠭᠦᠭᠡᠷᠦᠮᠵᠢ ᠶᠢᠨ ᠪᠠᠶᠢᠷᠢᠯᠠᠭᠤᠯᠤᠯᠲᠠ | ᠪᠣᠯᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠲᠡᠷᠭᠡ ᠬᠤᠷᠢᠭᠯᠠᠬᠤ ᠲᠦᠭᠦᠭᠡᠷᠦᠮᠵᠢ ᠶᠢᠨ ᠪᠠᠶᠢᠷᠢᠯᠠᠭᠤᠯᠤᠯᠲᠠ ᠨᠢ | ᠡᠮᠬᠢ ᠵᠠᠮᠪᠠᠷᠠᠭ᠎ᠠ ᠥᠬᠡᠢ᠂ ᠬᠠᠮᠢᠶᠠᠷᠤᠯᠲᠠ ᠨᠢ ᠡᠮᠬᠢ ᠵᠢᠷᠤᠮ ᠥᠬᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ | ᠲᠤᠰᠠᠳᠠ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ | ᠬᠠᠮᠲᠤᠷᠠᠨ ᠲᠡᠷᠭᠡ ᠬᠤᠷᠢᠭᠯᠠᠬᠤ ᠲᠦᠭᠦᠭᠡᠷᠦᠮᠵᠢ ᠶᠢᠨ ᠨᠢᠭᠡᠳᠦᠯᠲᠡᠢ ᠪᠠᠶᠢᠷᠢᠯᠠᠭᠤᠯᠤᠯᠲᠠ ᠪᠠ ᠬᠠᠮᠢᠶᠠᠷᠤᠯᠲᠠ ᠶᠢᠨ | ᠪᠠᠷᠢᠮᠵᠢᠶ᠎ᠠ ᠶᠢ ᠲᠣᠭᠲᠠᠭᠠᠵᠤ᠂ ᠮᠠᠲ᠋ᠧᠷᠢᠶᠠᠯ ᠤᠨ ᠴᠢᠨᠠᠷ᠂ ᠶᠡᠭᠡ ᠪᠠᠭ᠎ᠠ᠂ ᠥᠩᠭᠡ᠂ ᠲᠡᠮᠳᠡᠭ ᠵᠡᠷᠭᠡ ᠠᠭᠤᠯᠭ᠎ᠠ ᠶᠢ | ᠬᠠᠮᠤᠷᠴᠤ᠂ ᠬᠡᠷᠡᠭᠯᠡᠭᠡᠨ ᠤ ᠴᠢᠨᠠᠷ ᠲᠠᠢ ᠮᠥᠷᠲᠡᠭᠡᠨ ᠪᠠᠰᠠ ᠡᠷᠭᠢᠨ ᠲᠣᠭᠤᠷᠢᠨ ᠤ ᠣᠷᠴᠢᠨ ᠲᠣᠭᠤᠷᠢᠨ ᠯᠤᠭ᠎ᠠ | ᠬᠠᠷᠢᠯᠴᠠᠨ ᠵᠣᠬᠢᠴᠠᠯᠳᠤᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠡᠷᠭᠡ ᠬᠤᠷᠢᠭᠯᠠᠬᠤ ᠲᠥᠬᠦᠭᠡᠷᠦᠮᠵᠢ ᠶᠢᠨ | ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠡᠷᠡᠭᠯᠡᠬᠦ | ᠶᠠᠪᠤᠴᠠ ᠳᠤ ᠢᠮᠠᠭᠲᠠ ᠰᠠᠶᠢᠨ ᠪᠠᠶᠢᠳᠠᠯ ᠢᠶᠠᠨ ᠦᠨᠡᠨᠬᠦ ᠪᠠᠲᠤᠯᠠᠬᠤ ᠬᠡᠷᠡᠭᠲᠡᠶ᠃ | ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠤᠨ᠎ᠠ᠃ ᠲᠡᠷᠭᠡ ᠬᠤᠷᠢᠭᠯᠠᠬᠤ | ᠲᠥᠬᠦᠭᠡᠷᠦᠮᠵᠢ ᠶᠢ ᠪᠦᠲᠦᠮᠵᠢᠲᠡᠶ ᠬᠠᠮᠢᠶᠠᠷᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠡᠷᠭᠡ ᠬᠤᠷᠢᠭᠯᠠᠬᠤ ᠲᠦᠭᠦᠭᠡᠷᠦᠮᠵᠢ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ | ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠲᠣᠠᠠᠳᠠᠮᠠᠯ ᠬᠤᠭᠤᠴᠠᠭ᠎ᠠ ᠲᠠᠢ ᠪᠠᠷ ᠲᠤᠭᠤᠷᠢᠨ | ᠪᠠᠶᠢᠴᠠᠭᠠᠬᠤ ᠪᠠ ᠳᠡᠰᠢᠷᠡᠮ ᠲᠠᠭᠠᠤ ᠰᠤᠭᠤᠴᠢᠨ ᠪᠠᠶᠢᠴᠠᠭᠠᠬᠤ ᠶᠢ ᠬᠠᠷᠢᠯᠴᠠᠨ ᠣᠶᠠᠯᠳᠣᠭᠤᠯᠬᠤ ᠪᠠᠷ ᠳᠡᠮᠵᠢᠭᠤᠯᠥᠨ᠂ | ᠲᠣᠷ᠎ᠠ ᠪᠠᠷ ᠢᠶᠠᠨ ᠪᠠᠶᠢᠷᠢᠯᠡᠭᠤᠯᠬᠤ᠂ ᠳᠡᠷᠬᠡ ᠬᠤᠷᠢᠭᠯᠠᠬᠤ ᠳᠥᠬᠦᠭᠡᠷᠦᠮᠵᠢ ᠶᠢ ᠬᠠᠷᠰᠢᠯᠠᠬᠤ᠂ ᠡᠪᠳᠡᠬᠦ ᠵᠡᠷᠭᠡ | ᠲᠣᠠᠠᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠠᠭ ᠲᠣᠬᠠᠢ ᠳᠤᠨᠢ ᠢᠯᠡᠷᠡᠬᠦᠯᠬᠦ ᠶᠢᠨ ᠬᠠᠮᠳᠣ | ᠵᠠᠯᠠᠷᠡᠭᠤᠯᠵᠦ᠂ ᠲᠣᠠᠠᠳᠠᠭᠠᠯ ᠠᠴᠠ ᠬᠦᠨᠳᠦ ᠵᠦᠷᠢᠴᠡᠭᠰᠡᠨ ᠦᠢᠯᠡ ᠠᠵᠢᠯᠯᠠᠭ᠎ᠠ ᠲᠠᠢ ᠨᠢᠭᠡᠴᠢ ᠪᠠ ᠬᠤᠪᠢ ᠬᠦᠮᠦᠨ ᠢ | ᠬᠠᠦᠯᠢ ᠶᠣᠰᠣᠭᠠᠷ ᠰᠢᠢᠳᠭᠡᠨ ᠲᠣᠷᠭᠠᠬᠤ ᠭᠡᠷᠡᠭᠳᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢ ᠲᠦᠯᠬᠢᠨ ᠠᠬᠢᠭᠤᠯᠵᠤ ᠲᠡᠷᠭᠡ ᠬᠤᠷᠢᠭᠯᠠᠬᠤ | ᠲᠦᠭᠦᠭᠡᠷᠦᠮᠵᠢ ᠶᠢᠨ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠣᠳᠣ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠲᠡᠷᠭᠡ ᠬᠤᠷᠢᠭᠯᠠᠬᠤ ᠲᠦᠭᠦᠭᠡᠷᠦᠮᠵᠢ ᠶᠢᠨ | ᠤᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠰᠡᠷᠡᠯ ᠳᠠᠮᠵᠢᠭᠤᠯᠤᠭᠴᠢ ᠶᠢᠨ ᠲᠡᠷᠭᠡᠨ ᠵᠤᠭᠰᠤᠭᠠᠯ ᠤᠨ | ᠬᠡᠷᠡᠭᠯᠡᠯᠳᠡ ᠶᠢᠨ ᠪᠠᠶᠢᠳᠠᠯ ᠢ ᠬᠢᠨᠠᠨ ᠬᠡᠮᠵᠢᠬᠦ᠂ ᠲᠤᠭ᠎ᠠ ᠪᠠᠷᠢᠮᠲᠠ ᠶᠢ ᠠᠰᠢᠭᠯᠠᠨ ᠲᠡᠷᠭᠡ ᠵᠣᠭᠰᠣᠭᠠᠬᠤ ᠬᠡᠷᠡᠭᠴᠡᠭᠡ | ᠱᠠᠭᠠᠷᠳᠠᠯᠭ᠎ᠠ ᠶᠢ ᠵᠠᠳᠠᠯᠤᠨ ᠲᠥᠰᠦᠭᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠷᠭᠡ ᠬᠤᠷᠢᠭᠯᠠᠬᠤ | ᠲᠦᠭᠦᠭᠡᠷᠦᠮᠵᠢ ᠶᠢ ᠠᠰᠢᠭᠯᠠᠬᠤ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠤᠲᠠ ᠶᠢᠨ ᠠᠷᠠᠳ ᠲᠤ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ | ᠶᠡᠷᠦᠩᠬᠡᠶᠢᠯᠡᠪᠡᠯ᠂ ᠡᠯ᠎ᠡ ᠭᠠᠵᠠᠷ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠲᠡᠷᠭᠡ ᠬᠤᠷᠢᠭᠯᠠᠬᠤ | ᠲᠥᠬᠦᠭᠡᠷᠦᠮᠵᠢ ᠶᠢ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠬᠤᠲᠠ ᠶᠢᠨ ᠠᠷᠠᠳ ᠲᠤ ᠠᠮᠤᠷ ᠲᠦᠪᠰᠢᠨ᠂ | ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ᠂ ᠨᠠᠩ ᠲᠠᠭᠠᠯᠠᠮᠵᠢᠳᠠᠢ ᠣᠷᠣᠰᠢᠨ ᠰᠠᠭᠤᠬᠤ ᠣᠷᠴᠢᠨ ᠨᠥᠬᠦᠴᠡᠯ ᠢ ᠪᠣᠶ | ᠪᠤᠯᠭᠠᠶ᠎ᠠ︕ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |