ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠲᠠᠮᠠᠬᠠᠶ ᠬᠡᠶ ᠶᠢᠨ ᠵᠤᠤᠬ᠎ᠠ ᠵᠢᠴᠢ ᠯᠣᠩᠬᠤᠨ ᠳᠤ ᠰᠠᠪᠠᠯᠠᠭᠰᠠᠨ ᠰᠢᠳᠠᠮᠠᠬᠠᠢ ᠬᠡᠢ ᠶᠢᠨ ᠳᠠᠷᠤᠯᠲᠠ ᠲᠣᠬᠢᠷᠠᠭᠤᠯᠤᠭᠴᠢ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/20
      ᠰᠢᠲᠠᠮᠠᠬᠠᠶ ᠬᠡᠶ ᠶᠢᠨ ᠵᠤᠤᠬ᠎ᠠ ᠵᠢᠴᠢ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠳᠠᠷᠤᠯᠲᠠ ᠲᠣᠬᠢᠷᠠᠭᠤᠯᠤᠭᠤᠷ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠲᠠᠮᠠᠬᠠᠶ ᠬᠡᠶ ᠶᠢᠨ ᠵᠤᠤᠬ᠎ᠠ ᠠᠴᠠ ᠡᠭᠦᠰᠦᠭᠰᠡᠨ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠲᠠᠮᠠᠬᠠᠶ ᠬᠡᠶ ᠶᠢᠨ ᠵᠤᠤᠬ᠎ᠠ ᠵᠢᠴᠢ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠳᠠᠷᠤᠯᠲᠠ ᠲᠣᠬᠢᠷᠠᠭᠤᠯᠤᠭᠴᠢ ᠶᠢᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠪᠥᠬᠦ ᠰᠢᠶᠠᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠪᠠ᠃    ᠬᠠᠤᠯᠢ ᠬᠡᠷᠡᠭᠵᠢᠭᠦᠯᠬᠦ ᠠᠵᠢᠯᠲᠠᠨ ᠰᠢᠲᠠᠮᠠᠬᠠᠶ ᠬᠡᠢ ᠶᠢᠨ ᠵᠤᠤᠬ᠎ᠠ ᠵᠢᠴᠢ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠳᠠᠷᠤᠯᠲᠠ ᠲᠣᠬᠢᠷᠠᠭᠤᠯᠤᠭᠴᠢ ᠶᠢᠨ ᠡᠵᠡᠩᠨᠡᠯᠲᠡ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠲᠠᠮᠠᠬᠠᠶ ᠬᠡᠢ ᠶᠢᠨ ᠵᠤᠤᠬ᠎ᠠ ᠵᠢᠴᠢ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠳᠠᠷᠤᠯᠲᠠ ᠲᠣᠬᠢᠷᠠᠭᠤᠯᠤᠭᠴᠢ ᠶᠢᠨ ᠪᠣᠷᠣᠯᠠᠭᠤᠯᠭ᠎ᠠ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠵᠠᠰᠠᠨ ᠴᠡᠭᠴᠡᠯᠡᠵᠦ᠂ ᠰᠢᠲᠠᠮᠠᠬᠠᠶ ᠬᠡᠢ ᠶᠢᠨ ᠵᠤᠤᠬ᠎ᠠ ᠶᠢ ᠡᠵᠡᠩᠨᠡᠨ ᠪᠣᠷᠣᠯᠠᠭᠤᠯᠬᠤ ᠨᠢᠭᠡᠴᠡ᠂ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠪᠣᠷᠣᠯᠠᠭᠤᠯᠬᠤ ᠨᠢᠭᠡᠴᠡ ᠪᠠᠷ ᠪᠠᠶᠢᠴᠠᠭᠠᠯᠲᠠ ᠶᠢᠨ ᠠᠵᠢᠯ ᠤᠨ ᠭᠤᠤᠯᠳᠠᠯᠭ᠎ᠠ ᠪᠣᠯᠭᠠᠵᠤ᠂ 3C ᠭᠡᠷᠡᠴᠢᠯᠡᠯ ᠢ ᠳᠠᠮᠵᠢᠭᠰᠠᠨ ᠡᠰᠡᠬᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠡᠰᠡᠬᠦ᠂ ᠡᠵᠡᠩᠨᠡᠨ ᠪᠣᠷᠣᠯᠠᠭᠤᠯᠬᠤ ᠰᠢᠲᠠᠮᠠᠬᠠᠶ ᠬᠡᠢ ᠶᠢᠨ ᠳᠠᠷᠤᠯᠲᠠ ᠲᠤᠬᠢᠷᠠᠭᠤᠯᠤᠭᠴᠢ ᠶᠢᠨ ᠦᠢᠯᠡᠳᠦᠯ ᠪᠦᠷᠢᠨ ᠡᠰᠡᠬᠦ᠂ ᠭᠡᠷ ᠤᠨ ᠰᠢᠲᠠᠮᠠᠬᠠᠶ ᠬᠡᠢ ᠶᠢᠨ ᠳᠠᠷᠤᠯᠲᠠ ᠲᠤᠬᠢᠷᠠᠭᠤᠯᠤᠭᠴᠢ ᠶᠢ ᠵᠥᠭᠡᠯᠡᠨ ᠬᠤᠭᠤᠯᠠᠶ ᠶᠢᠨ ᠵᠠᠯᠭᠠᠭᠤᠷ ᠢᠶᠠᠷ ᠭᠠᠷᠭᠠᠭᠰᠠᠨ ᠡᠰᠡᠬᠦ ᠳᠤ ᠠᠮᠤᠷ ᠲᠦᠪᠰᠢᠨ ᠤ ᠲᠣᠨᠣᠭᠯᠠᠯ ᠪᠠᠶᠢᠬᠤ ᠡᠰᠡᠬᠦ᠂ ᠬᠤᠳᠠᠯᠳᠤᠭᠠᠨ ᠳᠤ ᠬᠡᠷᠡᠭᠯᠡᠬᠦ ᠰᠢᠲᠠᠮᠠᠬᠠᠶ ᠬᠡᠢ ᠶᠢᠨ ᠳᠠᠷᠤᠯᠲᠠ ᠲᠤᠬᠢᠷᠠᠭᠤᠯᠤᠭᠴᠢ ᠶᠢᠨ ᠵᠠᠯᠭᠠᠭᠤᠷ ᠢᠶᠠᠷ ᠭᠠᠷᠭᠠᠭᠰᠠᠨ ᠡᠰᠡᠬᠦ ᠶᠢ ᠨᠠᠷᠢᠨ  ᠪᠠᠶᠢᠴᠠᠭᠠᠪᠠ᠃      ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 24 ᠬᠥᠮᠦᠨ ᠤᠳᠠᠭ᠎ᠠ ᠬᠥᠳᠡᠯᠭᠡᠵᠦ᠂ 16 ᠪᠣᠷᠣᠯᠠᠭᠤᠯᠬᠤ ᠲᠣᠤᠷ ᠴᠡᠭ ᠢ ᠪᠠᠶᠢᠴᠠᠭᠠᠵᠤ᠂ ᠬᠢᠷᠢ ᠲᠡᠩᠴᠡᠬᠦ ᠥᠬᠡᠶ ᠯᠣᠩᠬᠤᠨ ᠳᠤ ᠰᠠᠪᠠᠯᠠᠭᠰᠠᠨ ᠰᠢᠳᠠᠮᠠᠬᠠᠢ ᠬᠡᠢ ᠶᠢᠨ ᠳᠠᠷᠤᠯᠲᠠ ᠲᠤᠬᠢᠷᠠᠭᠤᠯᠤᠭᠴᠢ ᠶᠢ 4 ᠢᠯᠡᠷᠡᠭᠦᠯᠦᠭᠰᠡᠨ ᠪᠥᠭᠡᠳ ᠵᠠᠰᠠᠭ ᠵᠠᠬᠢᠷᠭᠠᠨ ᠤ ᠰᠢᠢᠳᠬᠡᠯ ᠥᠭᠭᠦᠭᠰᠡᠨ ᠪᠠᠶᠢᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1